︽ᠰᠢᠯᠢ ᠶᠢᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠢ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ︾ ᠶᠢ ᠳᠠᠷᠤᠮᠠᠯᠯᠠᠨ ᠲᠠᠷᠬᠠᠬᠠᠬᠤ ᠲᠤᠬᠠᠢ ᠲᠥᠰᠥᠯ
ᠨᠡᠶᠢᠲᠡᠯᠡᠭᠰᠡᠨ ᠴᠠᠭ᠄
2024/8/23
     ᠨᠡᠭᠦᠷᠡᠰᠦᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠨ ᠲᠠᠰᠤᠭ᠂ ᠴᠠᠭᠢᠯᠭᠠᠨ ᠬᠦᠴᠦᠨ ᠤ ᠲᠠᠰᠤᠭ᠂ ᠮᠡᠳᠡᠭᠡ ᠵᠠᠩᠭᠢᠵᠢᠯᠲᠠ ᠶᠢᠨ ᠲᠠᠰᠤᠭ᠂ ᠬᠡᠷᠡᠭᠯᠡᠭᠡᠨ ᠤ ᠡᠳ᠋ ︵ᠳᠠᠪᠤᠰᠤᠨ ᠤ ᠦᠢᠯᠡᠰ︶ ᠤᠨ ᠲᠠᠰᠤᠭ᠂ ᠨᠡᠭᠦᠷᠡᠰᠦᠨ ᠠᠭᠤᠷᠬᠠᠢ᠂ ᠴᠠᠭᠢᠯᠭᠠᠨ ᠬᠦᠴᠦᠨ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋᠂ ᠴᠢᠮᠡᠭᠡ ᠬᠤᠯᠪᠤᠭ᠎ᠠ᠂ ᠳᠠᠪᠤᠰᠤᠨ ᠤ ᠠᠵᠤ ᠠᠬᠤᠶᠢᠯᠠᠯ ᠳᠤ᠄      ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠭᠠᠯ ᠤᠨ ᠠᠶᠤᠯ ᠣᠯᠠᠨ ᠭᠠᠷᠴᠠᠢ᠃ 1 ᠰᠠᠷ᠎ᠠ ᠶᠢᠨ 24 ᠤ ᠡᠳᠦᠷ ᠵᠢᠶᠠᠩᠰᠢ ᠮᠤᠵᠢ ᠶᠢᠨ ᠰᠢᠨ ᠢᠦᠢ ᠬᠤᠲᠠ ᠶᠢᠨ ᠵᠡᠭᠡᠯᠢ ᠶᠢᠨ ᠬᠠᠵᠠᠭᠤ ᠳᠠᠬᠢ ᠨᠢᠭᠡᠨ ᠫᠦᠰᠡᠨ ᠳᠤ ᠣᠨᠴᠠ ᠶᠡᠭᠡ ᠭᠠᠯ ᠤᠨ ᠠᠶᠤᠯ ᠭᠠᠷᠴᠤ 39 ᠬᠥᠮᠥᠨ ᠠᠳᠡᠵᠦ 9 ᠬᠥᠮᠥᠨ ᠰᠢᠷᠬᠠᠲᠤᠵᠠᠢ︔ 1 ᠰᠠᠷ᠎ᠠ ᠶᠢᠨ 19 ᠤ ᠡᠳᠦᠷ ᠾᠧᠨᠠᠨ ᠮᠤᠵᠢ ᠶᠢᠨ ᠨᠠᠨᠶᠠᠩ ᠬᠤᠲᠠ ᠶᠢᠨ ᠹᠠᠩ ᠴᠧᠩ ᠰᠢᠶᠠᠨ ᠤ ᠳ᠋ᠦ᠋ ᠱᠤ᠋ ᠪᠠᠯᠭᠠᠰᠤᠨ ᠤ ᠶᠢᠩ ᠼᠠᠢ ᠰᠤᠷᠭᠠᠭᠤᠯᠢ ᠶᠢᠨ ᠪᠠᠶᠢᠷᠢ ᠶᠢᠨ ᠠᠰᠠᠷ ᠲᠤ ᠬᠦᠨᠳᠦ ᠶᠡᠭᠡ ᠭᠠᠯ ᠤᠨ ᠠᠶᠤᠯ ᠭᠠᠷᠴᠤ 13 ᠬᠡᠦᠬᠡᠳ ᠠᠳᠡᠵᠦ 1 ᠬᠡᠦᠬᠡᠳ ᠰᠢᠷᠬᠠᠲᠤᠵᠠᠢ︔ 1 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠨᠢᠭᠡ ᠳᠡᠯᠭᠡᠭᠦᠷ ᠲᠤ ᠭᠠᠯ ᠭᠠᠷᠴᠤ᠂ 3 ᠬᠥᠮᠥᠨ ᠠᠳᠡᠵᠦ 1 ᠬᠥᠮᠥᠨ ᠰᠢᠷᠬᠠᠲᠤᠵᠠᠢ︔ 1 ᠰᠠᠷ᠎ᠠ ᠶᠢᠨ 29 ᠤ ᠡᠳᠦᠷ᠂ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠭᠠᠷᠴᠤ᠂ 4 ᠬᠥᠮᠥᠨ ᠠᠳᠡᠵᠦ᠂ 4 ᠬᠥᠮᠥᠨ ᠰᠢᠷᠬᠠᠲᠤᠵᠠᠢ᠃ ᠭᠠᠯ ᠤᠨ ᠠᠶᠤᠯ ᠤᠨ ᠡᠳᠡᠭᠡᠷ ᠠᠳᠡᠯ ᠤᠨ ᠢᠯᠡᠷᠡᠭᠦᠯᠦᠭᠰᠡᠨ ᠠᠰᠠᠭᠤᠳᠠᠯ ᠰᠤᠷᠭᠠᠮᠵᠢ ᠪᠣᠯ ᠲᠤᠶᠢᠯ ᠤᠨ ᠭᠦᠨᠵᠡᠭᠡᠢ ᠪᠠᠶᠢᠵᠤ᠂ ᠶᠡᠷᠦᠩᠬᠡᠢ ᠱᠦᠵᠢ ᠱᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠤᠯᠤᠰ ᠪᠠ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠪᠠᠶᠢᠷᠢᠯᠠᠭᠤᠯᠤᠯᠲᠠ ᠵᠢᠴᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠲᠦᠭᠰᠢᠭᠦᠷᠢ ᠶᠢᠨ ᠲᠣᠪᠣᠶᠢᠮ᠎ᠠ ᠳᠠᠯᠳᠠ ᠭᠡᠮ ᠢ ᠡᠷᠡᠰ ᠲᠤᠶᠢᠯᠪᠤᠷᠢᠲᠠᠢ ᠴᠡᠭᠴᠡᠯᠡᠨ ᠵᠠᠰᠠᠵᠤ᠂ ᠣᠯᠠᠨ ᠬᠥᠮᠥᠨ ᠠᠳᠡᠵᠦ ᠣᠯᠠᠨ ᠬᠥᠮᠥᠨ ᠰᠢᠷᠬᠠᠲᠤᠭᠰᠠᠨ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠲᠤᠰ ᠡᠳᠦᠷ ᠠᠴᠠ ᠡᠬᠢᠯᠡᠨ 3 ᠰᠠᠷ᠎ᠠ ᠶᠢᠨ ᠰᠡᠭᠦᠯᠴᠢ ᠪᠤᠯᠲᠠᠯ᠎ᠠ᠂ ᠲᠤᠰ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠢ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠠᠷᠠᠯᠲᠠ ᠶᠢᠨ ᠡᠭᠦᠷᠭᠡ      ᠱᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ︽ᠬᠤᠶᠠᠷ ᠢ ᠳᠡᠭᠡᠳᠦᠯᠡᠭᠦ︾᠂ ︽ᠬᠤᠶᠠᠷ ᠦᠨᠳᠦᠰᠦᠨ︾ ᠳᠤ ᠰᠠᠭᠤᠷᠢᠯᠠᠨ᠂ ᠣᠳᠣᠬᠠᠨ ᠤ ᠲᠤᠶᠢᠯ ᠤᠨ ᠬᠦᠨᠳᠦ ᠬᠡᠴᠡᠭᠦᠦ ᠭᠠᠯ ᠤᠨ ᠭᠠᠮᠰᠢᠭ ᠤᠨ ᠪᠠᠶᠢᠳᠠᠯ ᠢ ᠭᠦᠢᠴᠡᠳ ᠲᠣᠳᠣᠷᠬᠠᠢ ᠲᠠᠨᠢᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠲᠠᠯ᠎ᠠ ᠶᠢ ᠴᠢᠩᠭ᠎ᠠ ᠠᠩᠬᠠᠷᠴᠤ᠂ ᠪᠦᠭᠦ ᠤᠯᠤᠰ ᠤᠨ ᠬᠤᠶᠠᠷ ᠬᠤᠷᠠᠯ ᠤᠨ ︽ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠵᠡᠷᠭᠡ ᠴᠢᠬᠤᠯᠠ ᠶᠡᠭᠡ ᠠᠵᠢᠯᠯᠠᠭ᠎ᠠ ᠪᠠ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠠᠭ ᠲᠤ ᠠᠩᠬᠠᠷᠤᠯ ᠢᠶᠠᠨ ᠲᠥᠪᠯᠡᠷᠡᠭᠦᠯᠦᠨ᠂ ᠣᠨᠢᠨ ᠳᠡᠭᠡᠷ᠎ᠡ ᠨᠢ ᠬᠦᠴᠦᠯᠡᠵᠦ᠂ ᠬᠦᠨᠳᠦ ᠨᠢᠳᠤᠷᠭ᠎ᠠ ᠪᠠᠷ ᠭᠡᠮ ᠰᠣᠭᠤᠭ ᠢ ᠠᠷᠢᠯᠭᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠂ ᠶᠡᠷᠦᠩᠬᠡᠶᠢᠯᠡᠨ ᠬᠡᠷᠡᠭᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠩᠭ᠎ᠠ ᠬᠦᠰᠡᠯ ᠰᠠᠨᠠᠭ᠎ᠠ ᠪᠣᠯᠣᠨ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠰᠢᠢᠳᠪᠦᠷᠢᠯᠡᠵᠦ᠂ ᠶᠡᠭᠡ ᠭᠠᠯ ᠣᠯᠠᠨᠲᠠ ᠡᠭᠦᠰᠬᠦ ᠰᠠᠨᠠᠭᠠᠴᠢᠯᠠᠭᠠᠲᠤ ᠪᠤᠰᠤ ᠪᠠᠶᠢᠳᠠᠯ ᠢ ᠡᠷᠡᠰ ᠬᠤᠪᠢᠷᠠᠭᠤᠯᠤᠨ᠎ᠠ᠃ ᠶᠡᠭᠡ ᠵᠢᠭᠰᠠᠭᠠᠨ ᠪᠠᠶᠢᠴᠠᠭᠠᠬᠤ᠂ ᠶᠡᠭᠡ ᠴᠡᠭᠴᠡᠯᠡᠨ ᠵᠠᠰᠠᠬᠤ᠂ ᠶᠡᠬᠡᠪᠡᠷ ᠢᠯᠡᠴᠢᠯᠡᠬᠦ᠂ ᠶᠡᠬᠡᠪᠡᠷ ᠪᠣᠯᠪᠠᠰᠤᠷᠠᠬᠤ᠂ ᠪᠣᠯᠵᠣᠨ ᠶᠠᠷᠢᠯᠴᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠣᠪᠣᠶᠢᠮ᠎ᠠ ᠲᠦᠭᠰᠢᠭᠦᠷᠢ ᠶᠢᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠴᠡᠭᠴᠡᠯᠡᠨ ᠵᠠᠰᠠᠬᠤ ᠭᠤᠣᠯᠳᠠᠯᠭ᠎ᠠ ᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠷᠤᠯᠲᠠ ᠶᠢ ᠳᠣᠣᠷᠠᠳᠤ ᠬᠢᠵᠠᠭᠠᠷ ᠲᠤ ᠦᠨᠡᠨᠬᠦ ᠳᠠᠮᠵᠢᠭᠤᠯᠤᠨ ᠥᠭᠴᠦ᠂ ᠬᠠᠮᠤᠭ ᠡᠴᠦᠰ ᠤᠨ ᠴᠡᠭ ᠤᠨ ᠭᠠᠯ ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠤᠨ᠂ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠭᠠᠮᠰᠢᠭ ᠤᠨ ᠠᠳᠠᠯ ᠡᠭᠦᠰᠬᠦ ᠶᠢ ᠡᠷᠡᠰ ᠬᠤᠷᠢᠭᠯᠠᠨ᠎ᠠ᠃      ᠬᠤᠶᠠᠷ᠂ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ      ︵ᠨᠢᠭᠡ︶ ᠬᠤᠯᠪᠣᠭᠳᠠᠭᠰᠠᠨ ᠬᠤᠪᠢᠴᠠᠭᠠᠨ ᠤ ᠲᠠᠰᠤᠭ᠃ ᠨᠡᠭᠦᠷᠡᠰᠦᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠨ ᠲᠠᠰᠤᠭ᠂ ᠴᠠᠭᠢᠯᠭᠠᠨ ᠬᠦᠴᠦᠨ ᠤ ᠲᠠᠰᠤᠭ᠂ ᠮᠡᠳᠡᠭᠡ ᠵᠠᠩᠭᠢᠴᠢᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠺᠲᠷᠣᠨ ᠪᠣᠯᠣᠨ ᠵᠥᠭᠡᠯᠡᠨ ᠲᠣᠨᠤᠭ ᠤᠨ ᠦᠢᠯᠡᠴᠢᠯᠡᠭᠡᠨ ᠤ ᠦᠢᠯᠡᠰ ᠤᠨ ᠲᠠᠰᠤᠭ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠲᠠᠰᠤᠭ᠃      ︵ᠬᠤᠶᠠᠷ︶ ᠬᠤᠯᠪᠣᠭᠳᠠᠭᠰᠠᠨ ᠠᠵᠤ ᠠᠬᠤᠶᠢᠯᠠᠯ᠃ ᠨᠡᠭᠦᠷᠡᠰᠦᠨ ᠤ ᠠᠭᠤᠷᠬᠠᠢ᠂ ᠴᠠᠭᠢᠯᠭᠠᠨ ᠬᠦᠴᠦᠨ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋᠂ ᠴᠢᠮᠡᠭᠡ ᠬᠤᠯᠪᠤᠭ᠎ᠠ᠂ ᠳᠠᠪᠤᠰᠤᠨ ᠤ ᠠᠵᠤ ᠠᠬᠤᠢ ᠶᠢᠨ ᠨᠢᠭᠡᠴᠡ ᠵᠡᠷᠭᠡ ᠠᠵᠤ ᠠᠬᠤᠶᠢᠯᠠᠯ ᠢ ᠪᠠᠭᠲᠠᠭᠠᠨ᠎ᠠ᠃      ᠭᠤᠷᠪᠠ᠂ ᠴᠡᠭᠴᠡᠯᠡᠨ ᠵᠠᠰᠠᠬᠤ ᠭᠤᠣᠯᠳᠠᠯᠭ᠎ᠠ      ᠵᠢᠶᠠᠩᠰᠢ ᠶᠢᠨ ᠰᠢᠨ ᠢᠦᠢ ᠬᠤᠲᠠ ᠶᠢᠨ ︽1 · 24︾ ᠤ ᠣᠨᠴᠠ ᠬᠦᠨᠳᠦ ᠶᠡᠭᠡ ᠭᠠᠯ ᠤᠨ ᠭᠠᠮᠰᠢᠭ ᠤᠨ ᠠᠳᠡᠯ᠂ ᠾᠧᠨᠠᠨ ᠤ ᠨᠠᠨᠶᠠᠩ ᠬᠤᠲᠠ ᠶᠢᠨ ︽1 · 19︾ ᠬᠦᠨᠳᠦ ᠶᠡᠭᠡ ᠭᠠᠯ ᠤᠨ ᠭᠠᠮᠰᠢᠭ ᠤᠨ ᠠᠳᠡᠯ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ︽1 ·25︾ ᠨᠡᠯᠢᠶᠡᠳ ᠶᠡᠭᠡ ᠭᠠᠯ ᠤᠨ ᠭᠠᠮᠰᠢᠭ ᠤᠨ ᠠᠳᠡᠯ᠂ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ︽1 · 29︾ ᠤ ᠨᠡᠯᠢᠶᠡᠳ ᠶᠡᠭᠡ ᠭᠠᠯ ᠤᠨ ᠭᠠᠮᠰᠢᠭ ᠤᠨ ᠠᠳᠡᠯ ᠠᠴᠠ ᠰᠤᠷᠭᠠᠮᠵᠢ ᠠᠪᠴᠤ᠂ ᠳᠣᠣᠷᠠᠬᠢ ᠮᠡᠲᠦ ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠨ᠎ᠠ᠄       ︵ᠨᠢᠭᠡ︶ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠠᠵᠢᠯ ᠬᠢᠬᠦ ᠪᠠ ᠦᠢᠯᠡᠳᠪᠦᠷᠢᠯᠡᠯ ᠡᠵᠡᠩᠨᠡᠯᠲᠡ ᠬᠢᠬᠦ᠃      1. ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ ᠶᠢᠨ ᠠᠵᠢᠯ ᠬᠢᠬᠦ᠂ ᠦᠨᠡᠮᠯᠡᠯ ᠦᠭᠡᠢ ᠪᠠᠷ ᠪᠠᠷᠢᠯᠭ᠎ᠠ ᠶᠢᠨ ᠠᠵᠢᠯ ᠬᠢᠬᠦ᠂ ᠲᠣᠭᠲᠠᠭᠠᠯ ᠠᠴᠠ ᠵᠥᠷᠢᠴᠡᠨ ᠨᠤᠷᠠᠭᠠᠵᠤ ᠠᠷᠢᠯᠭᠠᠬᠤ ᠠᠵᠢᠯ ᠬᠢᠬᠦ᠂ ᠲᠣᠭᠲᠠᠭᠠᠯ ᠠᠴᠠ ᠵᠥᠷᠢᠴᠡᠨ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠵᠤ ᠠᠵᠢᠯ ᠬᠢᠬᠦ᠂ ᠠᠵᠢᠯ ᠤᠨ ᠠᠶᠤᠯ ᠦᠭᠡᠢ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠭᠡᠨᠡᠨ ᠠᠵᠢᠯ ᠬᠢᠬᠦ᠃      2. ᠬᠠᠤᠯᠢ ᠲᠣᠭᠲᠠᠭᠠᠯ ᠢ ᠵᠦᠷᠢᠴᠡᠨ ᠢᠯᠡ ᠭᠠᠯ ᠬᠡᠷᠡᠭᠯᠡᠬᠦ ᠪᠤᠶᠤ ᠴᠠᠭᠢᠯᠭᠠᠨ ᠭᠠᠩᠨᠠᠭᠤᠷ᠂ ᠬᠡᠢ ᠭᠠᠩᠨᠠᠯᠲᠠ ᠪᠠᠷ ᠠᠵᠢᠯᠯᠠᠬᠤ︔ ᠭᠠᠯ ᠬᠡᠷᠡᠭᠯᠡᠬᠦ᠂ ᠴᠠᠭᠢᠯᠭᠠᠨ ᠭᠠᠩᠨᠠᠭᠤᠷ᠂ ᠬᠡᠢ ᠭᠠᠩᠨᠠᠭᠤᠷ ᠢᠶᠠᠷ ᠠᠵᠢᠯᠯᠠᠵᠤ ᠪᠠᠶᠢᠭ᠎ᠠ ᠬᠥᠮᠥᠰ ᠠᠵᠢᠯ ᠤᠨ ᠪᠠᠶᠢᠷᠢ ᠶᠢᠨ ᠬᠢᠷᠢ ᠲᠡᠩᠴᠡᠭᠰᠡᠨ ᠦᠨᠡᠮᠯᠡᠯ ᠦᠭᠡᠢ︔ ᠴᠠᠭᠢᠯᠭᠠᠨ ᠭᠠᠩᠨᠠᠭᠤᠷ᠂ ᠬᠡᠢ ᠭᠠᠩᠨᠠᠯᠲᠠ ᠵᠡᠷᠭᠡ ᠭᠠᠵᠠᠷ ᠲᠤ ᠭᠠᠯ ᠤᠨᠲᠠᠷᠠᠭᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠬᠢᠭᠰᠡᠨ ᠦᠭᠡᠢ︔ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠵᠣᠬᠢᠴᠠᠩᠭᠤᠢ ᠠᠷᠭ᠎ᠠ ᠬᠡᠮᠵᠢᠶ᠎ᠡ ᠠᠪᠤᠭᠰᠠᠨ ᠦᠭᠡᠢ᠃      3. ᠭᠠᠯ ᠨᠣᠴᠣᠭᠠᠬᠤ ᠠᠵᠢᠯ ᠳᠤ ᠲᠤᠰᠬᠠᠢ ᠠᠵᠢᠯᠲᠠᠨ ᠲᠣᠬᠢᠷᠠᠭᠤᠯᠤᠨ ᠲᠤᠬᠠᠢ ᠶᠢᠨ ᠭᠠᠵᠠᠷ ᠤᠨ ᠠᠶᠤᠯ ᠦᠭᠡᠢ ᠶᠢᠨ ᠬᠠᠮᠢᠶᠠᠷᠤᠯᠲᠠ ᠬᠢᠯᠭᠡᠭᠰᠡᠨ ᠦᠭᠡᠢ᠃      4. ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠭᠠᠯ ᠬᠡᠷᠡᠭᠯᠡᠨ ᠭᠠᠩᠨᠠᠵᠤ ᠠᠵᠢᠯᠯᠠᠬᠤ︔ ᠭᠠᠯ ᠤᠨ ᠣᠴᠢ ᠲᠠᠢ ᠠᠵᠢᠯᠯᠠᠬᠤ ᠪᠠ ᠭᠠᠯ ᠤᠨ ᠠᠶᠤᠯ᠂ ᠳᠡᠯᠪᠡᠷᠡᠬᠦ ᠠᠶᠤᠯ ᠲᠦᠭᠰᠢᠭᠦᠷᠢ ᠲᠠᠢ ᠠᠵᠢᠯ ᠰᠣᠯᠪᠢᠴᠠᠭᠤᠯᠤᠨ ᠬᠢᠬᠦ      5. ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠂ ᠭᠠᠵᠠᠷ ᠳᠣᠣᠷᠠᠬᠢ ᠪᠠᠷᠢᠯᠭ᠎ᠠ ᠶᠢᠨ ᠬᠦᠢᠲᠡᠨ ᠬᠥᠮᠥᠷᠭᠡ ᠳᠤ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠢ ᠬᠡᠷᠡᠭᠯᠡᠬᠦ︔ ᠬᠦᠢᠲᠡᠨ ᠬᠥᠮᠥᠷᠭᠡ ᠪᠠᠶᠢᠭᠤᠯᠬᠤ᠂ ᠥᠭᠡᠷᠡᠴᠢᠯᠡᠬᠦ᠂ ᠨᠤᠷᠠᠭᠠᠬᠤ ᠬᠤᠭᠤᠴᠠᠭᠠᠨ ᠳᠤ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠃       ︵ᠬᠤᠶᠠᠷ︶ ᠠᠮᠤᠷ ᠲᠦᠪᠰᠢᠨ ᠲᠠᠷᠬᠠᠭᠠᠬᠤ ᠨᠥᠬᠦᠴᠡᠯ ᠬᠦᠷᠦᠯᠴᠡᠬᠦ ᠦᠭᠡᠢ ᠪᠠᠶᠢᠬᠤ᠃      1. ᠠᠶᠤᠯᠭᠦᠢ ᠲᠠᠷᠬᠠᠭᠠᠬᠤ ᠵᠠᠮ᠂ ᠠᠶᠤᠯᠭᠦᠢ ᠭᠠᠷᠬᠤ ᠡᠭᠦᠳᠡ ᠪᠣᠯᠣᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ᠃      2. ᠠᠶᠤᠯᠭᠦᠢ ᠭᠠᠷᠬᠤ ᠡᠭᠦᠳᠡ ᠪᠣᠯᠣᠨ ᠲᠠᠷᠬᠠᠭᠠᠬᠤ ᠠᠰᠠᠷ ᠤᠨ ᠱᠠᠲᠤ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ᠂ ᠱᠠᠲᠤ ᠶᠢᠨ ᠥᠷᠭᠡᠨ ᠤ ᠬᠡᠮᠵᠢᠶ᠎ᠡ ᠨᠢ ᠬᠦᠷᠦᠯᠴᠡᠬᠦ ᠦᠭᠡᠢ᠃      3. ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠂ ᠲᠠᠷᠬᠠᠭᠠᠬᠤ ᠵᠢᠭᠠᠯᠲᠠ ᠶᠢᠨ ᠲᠡᠮᠳᠡᠭ ᠨᠢ ᠡᠪᠳᠡᠷᠡᠭᠰᠡᠨ᠃      4. ᠪᠣᠳᠠᠲᠠᠢ ᠲᠠᠢ ᠪᠠᠨ ᠤᠶᠠᠯᠳᠤᠭᠤᠯᠤᠨ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠯᠲᠠ ᠶᠢᠨ ᠤᠷᠢᠳᠴᠢᠯᠠᠭᠰᠠᠨ ᠲᠥᠰᠥᠯ ᠢ ᠲᠣᠭᠲᠠᠭᠠᠭᠰᠠᠨ ᠦᠭᠡᠢ︔ ᠠᠵᠢᠯᠲᠠᠨ᠂ ᠬᠤᠨᠤᠭ ᠬᠠᠮᠢᠶᠠᠷᠤᠭᠴᠢ ᠠᠩᠬ᠎ᠠ ᠡᠭᠦᠰᠦᠭᠰᠡᠨ ᠭᠠᠯ ᠲᠦᠢᠮᠡᠷ ᠢ ᠳᠠᠷᠤᠵᠤ ᠠᠶᠤᠯ ᠠᠴᠠ ᠠᠪᠤᠷᠠᠬᠤ ᠪᠠ ᠲᠠᠷᠬᠠᠭᠠᠨ ᠵᠠᠶᠢᠯᠠᠭᠤᠯᠬᠤ ᠤᠷ᠎ᠠ ᠮᠡᠷᠭᠡᠵᠢᠯ ᠢ ᠡᠵᠡᠮᠰᠢᠬᠦ ᠦᠭᠡᠢ᠃       ︵ᠭᠤᠷᠪᠠ︶ ᠬᠤᠯᠠᠭᠠᠶᠢᠯᠠᠬᠤ ᠶᠢ ᠰᠡᠷᠭᠡᠶᠢᠯᠡᠬᠦ ᠲᠣᠣᠷ ᠪᠠ ᠵᠠᠷ ᠮᠡᠳᠡᠭᠡ ᠶᠢᠨ ᠫᠠᠶᠢᠰᠠ ᠶᠢ ᠲᠣᠭᠲᠠᠭᠠᠯ ᠠᠴᠠ ᠵᠥᠷᠢᠴᠡᠨ ᠲᠣᠬᠢᠷᠠᠭᠤᠯᠬᠤ᠃      1. ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠡᠭᠡᠷ᠎ᠡ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠭᠰᠡᠨ ᠬᠤᠯᠠᠭᠠᠶᠢᠯᠠᠬᠤ ᠠᠴᠠ ᠰᠡᠷᠭᠡᠶᠢᠯᠡᠬᠦ ᠲᠣᠣᠷ᠂ ᠲᠡᠮᠦᠷ ᠬᠡᠷᠡᠰᠬᠡ᠂ ᠵᠠᠷ ᠮᠡᠳᠡᠭᠡ ᠶᠢᠨ ᠫᠠᠶᠢᠰᠠ ᠵᠡᠷᠭᠡ ᠰᠠᠭᠠᠳ ᠬᠠᠷᠰᠢ ᠲᠣᠬᠢᠷᠠᠭᠤᠯᠬᠤ᠃      2. ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠳᠠᠨ᠎ᠠ ᠵᠠᠷ ᠮᠡᠳᠡᠭᠡ ᠶᠢᠨ ᠫᠠᠶᠢᠰᠠ ᠶᠢ ᠬᠢᠨᠠᠨ ᠵᠥᠪᠰᠢᠶᠡᠷᠡᠭᠦᠯᠬᠦ ᠳᠤ ᠪᠠᠷᠢᠯᠭ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠡᠰᠡᠬᠦ ᠶᠢ ᠬᠠᠤᠯᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠤᠭᠠᠳᠤᠢ᠃      ᠳᠥᠷᠪᠡ᠃ ᠲᠣᠭᠲᠠᠭᠠᠯ ᠢ ᠵᠥᠷᠢᠴᠡᠨ ᠴᠠᠭᠢᠯᠭᠠᠨ ᠬᠡᠷᠡᠭᠯᠡᠭᠰᠡᠨ ᠠᠵᠢᠯᠯᠠᠭ᠎ᠠ᠃      1. ᠳᠤᠷ᠎ᠠ ᠪᠠᠷ ᠢᠶᠠᠨ ᠴᠠᠭᠢᠯᠭᠠᠨ ᠤᠲᠠᠰᠤ ᠲᠠᠲᠠᠵᠤ ᠵᠠᠯᠭᠠᠭᠰᠠᠨ᠂ ᠴᠠᠭᠢᠯᠭᠠᠨ ᠤᠲᠠᠰᠤ ᠳᠡᠪᠢᠰᠬᠦ᠂ ᠬᠡᠷᠡᠭᠯᠡᠬᠦ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ᠃      2. ᠶᠠᠰᠤ ᠴᠢᠨᠠᠷ ᠨᠢ ᠬᠢᠷᠢ ᠲᠡᠩᠴᠡᠬᠦ ᠦᠭᠡᠢ ︵ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ︶ ᠪᠤᠶᠤ ᠬᠠᠭᠤᠴᠢᠷᠠᠭᠰᠠᠨ᠂ ᠡᠪᠳᠡᠷᠡᠭᠰᠡᠨ ᠴᠠᠭᠢᠯᠭᠠᠨ ᠬᠡᠷᠡᠭᠰᠡᠯ ᠤᠨ ᠦᠢᠯᠡᠳᠬᠦᠨ ᠢ ᠬᠡᠷᠡᠭᠯᠡᠬᠦ᠃      3. ᠴᠠᠭᠢᠯᠭᠠᠨ ᠤ ᠤᠲᠠᠰᠤ᠂ ᠴᠠᠭᠢᠯᠭᠠᠨ ᠬᠡᠷᠡᠭᠰᠡᠯ ᠤᠨ ᠦᠢᠯᠡᠳᠬᠦᠨ ᠨᠢ ᠰᠢᠲᠠᠮᠠᠬᠠᠢ ᠪᠣᠳᠠᠰ ᠯᠤᠭ᠎ᠠ ᠠᠶᠤᠯ ᠦᠭᠡᠢ ᠶᠢᠨ ᠵᠠᠢ ᠲᠠᠢ ᠪᠠᠶᠢᠬᠤ ᠶᠢ ᠪᠠᠲᠤᠯᠠᠭᠰᠠᠨ ᠦᠭᠡᠢ ᠪᠠᠶᠢᠬᠤ᠃      4. ᠭᠠᠯ ᠤᠨ ᠠᠶᠤᠯ᠂ ᠳᠡᠯᠪᠡᠷᠡᠬᠦ ᠠᠶᠤᠯᠲᠠᠢ ᠭᠠᠵᠠᠷ ᠲᠠᠯᠠᠪᠤᠷ ᠲᠤ ᠲᠣᠭᠲᠠᠭᠠᠯ ᠠᠴᠠ ᠵᠥᠷᠢᠴᠡᠨ ᠴᠠᠭᠢᠯᠭᠠᠨ ᠤᠲᠠᠰᠤ ᠳᠡᠪᠢᠰᠬᠦ᠂ ᠬᠡᠷᠡᠭᠯᠡᠬᠦ ᠪᠤᠶᠤ ᠳᠡᠯᠪᠡᠷᠡᠬᠦ ᠣᠷᠴᠢᠨ ᠲᠣᠭᠤᠷᠢᠨ ᠯᠤᠭ᠎ᠠ ᠦᠯᠦ ᠨᠡᠶᠢᠴᠡᠬᠦ ᠴᠠᠭᠢᠯᠭᠠᠨ ᠤ ᠦᠢᠯᠡᠳᠬᠦᠨ ᠬᠡᠷᠡᠭᠯᠡᠬᠦ᠃      ᠡᠯ᠎ᠡ ᠲᠠᠰᠤᠭ ᠨᠢ ᠲᠤᠰ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠭᠠᠯ ᠤᠨ ᠠᠶᠤᠯ ᠤᠨ ᠳᠠᠯᠳᠠ ᠭᠡᠮ ᠤᠨ ᠣᠨᠴᠠᠯᠢᠭ ᠲᠠᠢ ᠤᠶᠠᠯᠳᠤᠭᠤᠯᠤᠨ᠂ ᠴᠡᠭᠴᠡᠯᠡᠨ ᠵᠠᠰᠠᠬᠤ ᠭᠤᠣᠯᠳᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠣᠨ᠎ᠠ᠂ ᠵᠢᠱᠢᠶᠡᠯᠡᠪᠡᠯ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠨᠣᠴᠣᠮᠠᠲᠠᠭᠠᠢ ᠴᠠᠭᠢᠮ᠎ᠠ ᠲᠠᠢ ᠪᠣᠯᠣᠳ ᠬᠠᠪᠲᠠᠰᠤ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠡᠪᠳᠡᠭᠳᠡᠵᠦ ᠬᠡᠷᠡᠭᠯᠡᠬᠦ ᠪᠠᠨ ᠵᠣᠭᠰᠤᠭᠠᠬᠤ ᠵᠡᠷᠭᠡ ᠳᠠᠯᠳᠠ ᠭᠡᠮ ᠤᠨ ᠠᠰᠠᠭᠤᠳᠠᠯ᠃      ᠳᠥᠷᠪᠡ᠂ ᠬᠠᠷᠢᠭᠤᠴᠠᠯᠭ᠎ᠠ ᠶᠢᠨ ᠬᠤᠪᠢᠶᠠᠷᠢᠯᠠᠯ       ︵ᠨᠢᠭᠡ︶ ᠲᠠᠰᠤᠭ ᠤᠨ ᠬᠠᠷᠢᠭᠤᠴᠠᠯᠭ᠎ᠠ᠃ ᠡᠯ᠎ᠡ ᠲᠠᠰᠤᠭ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠶᠣᠰᠣᠭᠠᠷ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠠᠶᠤᠯᠭᠦᠢ ᠦᠢᠯᠡᠳᠪᠦᠷᠢᠯᠡᠯ ᠤᠨ ᠺᠣᠮᠢᠰ ﹇2013﹈ 18 ᠳ᠋ᠤᠭᠠᠷ ᠲᠣᠭᠠᠲᠤ︶ ᠵᠢᠴᠢ ︽ᠰᠢᠯᠢ ᠶᠢᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ ᠶᠢᠨ ᠱᠠᠭᠠᠷᠳᠠᠯᠭ᠎ᠠ ᠶᠣᠰᠣᠭᠠᠷ᠂ ᠲᠤᠰ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠶᠤᠯ ᠦᠭᠡᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠠᠶᠤᠯᠭᠦᠢ ᠶᠢᠨ ᠠᠵᠢᠯᠯᠠᠭ᠎ᠠ ᠶᠢ ᠲᠤᠰ ᠠᠵᠢᠯ ᠲᠥᠷᠥᠯ ᠤᠨ ᠬᠦᠷᠢᠶᠡᠨ ᠳᠤ ᠣᠷᠣᠭᠤᠯᠤᠨ ᠪᠠᠶᠢᠴᠠᠭᠠᠬᠤ ᠶᠢ ᠬᠠᠮᠲᠤ ᠳᠤᠨᠢ ᠥᠷᠨᠢᠭᠦᠯᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠰᠡᠷᠭᠡᠶᠢᠯᠡᠬᠦ ᠠᠶᠤᠯᠭᠦᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠬᠠᠮᠲᠤᠪᠠᠷ ᠲᠦᠯᠬᠢᠨ ᠠᠬᠢᠭᠤᠯᠵᠤ᠂ ᠠᠵᠢᠯ ᠲᠥᠷᠥᠯ ᠤᠨ ᠬᠦᠷᠢᠶᠡᠨ ᠳᠤ ᠬᠦᠨᠳᠦ ᠶᠡᠭᠡ ᠭᠠᠯ ᠤᠨ ᠠᠶᠤᠯ ᠤᠨ ᠲᠦᠭᠰᠢᠭᠦᠷᠢ ᠣᠷᠣᠰᠢᠵᠤ ᠪᠠᠶᠢᠪᠠᠯ ᠴᠠᠭ ᠲᠤᠬᠠᠢ ᠳᠤᠨᠢ ᠮᠡᠳᠡᠭᠦᠯᠵᠦ᠂ ᠠᠵᠤ ᠠᠬᠤᠶᠢᠯᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠤᠨ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃      ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ᠃ ᠡᠯ᠎ᠡ ᠠᠵᠤ ᠠᠬᠤᠶᠢᠯᠠᠯ ᠤᠨ ᠭᠠᠯ ᠰᠡᠷᠭᠡᠶᠢᠯᠡᠬᠦ ᠠᠶᠤᠯᠭᠦᠢ ᠶᠢᠨ ᠬᠠᠷᠢᠭᠤᠴᠠᠯᠭᠠᠲᠠᠨ ᠪᠣᠯ ᠲᠤᠰ ᠠᠵᠤ ᠠᠬᠤᠶᠢᠯᠠᠯ ᠤᠨ ᠭᠠᠯ ᠰᠡᠷᠭᠡᠶᠢᠯᠡᠬᠦ ᠠᠶᠤᠯᠭᠦᠢ ᠶᠢᠨ ᠳᠠᠯᠳᠠ ᠭᠡᠮ ᠢ ᠲᠥᠪᠯᠡᠷᠡᠭᠦᠯᠦᠨ ᠠᠷᠢᠯᠭᠠᠬᠤ ᠪᠠᠬᠢᠯᠡᠯᠲᠡ ᠳᠠᠭᠠᠷᠢᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠨᠢᠭᠡᠳᠦᠭᠡᠷ ᠬᠠᠷᠢᠭᠤᠴᠠᠯᠭ᠎ᠠ ᠶᠢᠨ ᠭᠤᠣᠯ ᠴᠣᠭᠴᠠ ᠪᠤᠯᠬᠤ ᠲᠤᠯᠠ᠂ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠭᠠᠯ ᠰᠡᠷᠭᠡᠶᠢᠯᠡᠬᠦ ᠠᠶᠤᠯᠭᠦᠢ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠠᠵᠤ ᠠᠬᠤᠶᠢᠯᠠᠯ ᠤᠨ ᠢᠶᠠᠨ ᠭᠠᠯ ᠰᠡᠷᠭᠡᠶᠢᠯᠡᠬᠦ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠵᠢᠴᠢ ᠲᠤᠰ ᠠᠵᠤ ᠠᠬᠤᠶᠢᠯᠠᠯ ᠤᠨ ᠢᠶᠠᠨ ᠠᠵᠢᠯᠲᠠᠨ ᠠᠵᠢᠯᠴᠢᠨ ᠢᠶᠠᠨ ᠭᠠᠯ ᠰᠡᠷᠭᠡᠶᠢᠯᠡᠬᠦ ᠠᠶᠤᠯᠭᠦᠢ ᠶᠢᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠬᠡᠷᠡᠭᠲᠡᠢ᠃ ᠣᠯᠠᠨ ᠥᠮᠴᠢᠯᠡᠬᠦ ᠡᠷᠬᠡ ᠲᠠᠢ ᠪᠥᠭᠡᠳ ᠣᠯᠠᠨ ᠡᠵᠡᠩᠨᠡᠯᠲᠡ ᠶᠢᠨ ᠭᠤᠣᠯ ᠴᠣᠭᠴᠠ ᠲᠠᠢ ᠪᠠᠶᠢᠪᠠᠯ᠂ ᠲᠤᠰ ᠲᠤᠰ ᠤᠨ ᠭᠠᠯ ᠰᠡᠷᠭᠡᠶᠢᠯᠡᠬᠦ ᠠᠶᠤᠯᠭᠦᠢ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠪᠤᠶᠤ ᠭᠤᠷᠪᠠᠳᠤᠭᠠᠷ ᠡᠲᠡᠭᠡᠳ ᠲᠤ ᠪᠠᠨ ᠨᠠᠶᠢᠳᠠᠵᠤ ᠭᠠᠯ ᠰᠡᠷᠭᠡᠶᠢᠯᠡᠬᠦ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃      ᠲᠠᠪᠤ᠂ ᠠᠵᠢᠯ ᠤᠨ ᠠᠷᠭ᠎ᠠ ᠬᠡᠮᠵᠢᠶ᠎ᠡ       ︵ᠨᠢᠭᠡ︶ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠶᠡᠬᠡᠪᠡᠷ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠴᠡᠭᠴᠡᠯᠡᠨ ᠵᠠᠰᠠᠬᠤ ᠵᠠᠷᠯᠠᠯ ᠨᠡᠶᠢᠲᠡᠯᠡᠵᠦ᠂ ᠭᠠᠯ ᠰᠡᠷᠭᠡᠶᠢᠯᠡᠬᠦ ᠠᠶᠤᠯᠭᠦᠢ ᠶᠢᠨ ᠲᠣᠪᠣᠶᠢᠮ᠎ᠠ ᠲᠦᠭᠰᠢᠭᠦᠷᠢ ᠶᠢᠨ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠰᠠᠵᠤ ᠰᠠᠶᠢᠵᠢᠷᠠᠭᠤᠯᠬᠤ ᠶᠢ ᠪᠦᠭᠦ ᠲᠠᠯ᠎ᠠ ᠪᠠᠷ ᠳᠠᠶᠢᠴᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠠᠮᠢᠶᠠᠷᠤᠭᠴᠢ ᠲᠣᠯᠤᠭᠠᠶᠢᠯᠠᠨ ᠥᠪᠡᠷ ᠢ ᠪᠠᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢ ᠱᠠᠭᠠᠷᠳᠠᠬᠤ ᠶᠢᠨ ᠬᠠᠮᠲᠤ᠂ ᠥᠪᠡᠷ ᠢᠶᠠᠨ ᠪᠠᠶᠢᠴᠠᠭᠠᠭᠰᠠᠨ ᠲᠡᠮᠳᠡᠭᠯᠡᠯ ᠢ ᠭᠠᠷ ᠤᠨ ᠦᠰᠦᠭ ᠵᠢᠷᠤᠵᠤ ᠳᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠬᠤ ᠳᠤ ᠪᠡᠯᠡᠳᠬᠡᠨ᠎ᠡ᠃ ᠡᠯ᠎ᠡ ᠲᠠᠰᠤᠭ ᠭᠠᠯ ᠤᠨᠲᠠᠷᠠᠭᠠᠬᠤ ᠪᠠᠶᠢᠴᠠᠭᠠᠯᠲᠠ ᠶᠢᠨ ᠭᠤᠣᠯ ᠵᠦᠢᠯ ᠶᠣᠰᠣᠭᠠᠷ ᠠᠵᠢᠯ ᠲᠥᠷᠥᠯ ᠤᠨ ᠬᠦᠷᠢᠶᠡᠨ ᠳᠠᠬᠢ ᠭᠠᠯ ᠰᠡᠷᠭᠡᠶᠢᠯᠡᠬᠦ ᠠᠶᠤᠯᠭᠦᠢ ᠶᠢᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠲᠥᠷᠥᠯ ᠤᠨ ᠬᠦᠷᠢᠶᠡᠨ ᠳᠠᠬᠢ ᠲᠦᠭᠰᠢᠭᠦᠷᠢ ᠶᠢᠨ ᠳᠠᠯᠳᠠ ᠭᠡᠮ ᠢ ᠪᠠᠶᠢᠴᠠᠭᠠᠨ ᠲᠣᠳᠣᠷᠬᠠᠶᠢᠯᠠᠬᠤ ᠬᠡᠷᠡᠭᠲᠡᠢ᠃       ︵ᠬᠤᠶᠠᠷ︶ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠡᠯ᠎ᠡ ᠲᠠᠰᠤᠭ ᠨᠢ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠲᠦᠭᠰᠢᠭᠦᠷᠢ ᠶᠢᠨ ᠳᠠᠯᠳᠠ ᠭᠡᠮ ᠢ ᠳᠠᠩᠰᠠᠯᠠᠨ ᠲᠡᠮᠳᠡᠭᠯᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳ ᠨᠢᠭᠡ ᠪᠠᠷ ᠳᠠᠩᠰᠠ ᠲᠠᠶᠢᠯᠬᠤ ᠬᠡᠷᠡᠭᠲᠡᠢ᠃ ᠠᠵᠤ ᠠᠬᠤᠶᠢᠯᠠᠯ ᠤᠨ ᠥᠪᠡᠰᠦᠪᠡᠨ ᠴᠡᠭᠴᠡᠯᠡᠨ ᠰᠠᠶᠢᠵᠢᠷᠠᠭᠤᠯᠵᠤ ᠴᠢᠳᠠᠬᠤ ᠵᠦᠢᠯᠡᠰ ᠢ᠂ ᠬᠠᠤᠯᠢ ᠶᠣᠰᠣᠭᠠᠷ ᠪᠠᠷ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠳᠤ ᠪᠡᠷᠬᠡᠲᠡᠢ ᠵᠦᠢᠯᠡᠰ ᠢ ᠪᠠᠬᠢᠯᠡᠯᠲᠡ ᠰᠢᠪᠲᠤᠯᠤᠨ ᠵᠠᠰᠠᠬᠤ ᠬᠠᠷᠠᠲᠠᠯᠲᠤ ᠡᠲᠡᠭᠡᠳ ᠲᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠵᠢᠴᠢ ᠲᠥᠰᠥᠯ ᠢᠶᠠᠨ ᠲᠣᠳᠣᠷᠬᠠᠶᠢᠯᠠᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠴᠠᠭ ᠤᠨ ᠬᠢᠵᠠᠭᠠᠷ ᠢ ᠨᠠᠷᠢᠯᠢᠭᠵᠢᠭᠤᠯᠤᠨ᠂ ᠨᠢᠭᠡ ᠬᠡᠷᠡᠭ ᠢ ᠰᠢᠢᠳᠪᠦᠷᠢᠯᠡᠪᠡᠯ ᠨᠢᠭᠡ ᠲᠠᠩᠰᠠ ᠶᠢ ᠦᠭᠡᠶᠢᠰᠭᠡᠨ᠎ᠡ᠃ ᠠᠵᠤ ᠠᠬᠤᠶᠢᠯᠠᠯ ᠢ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠢ ᠪᠤᠶᠤ ᠴᠡᠭᠴᠡᠯᠡᠨ ᠰᠠᠶᠢᠵᠢᠷᠠᠭᠤᠯᠬᠤ ᠦᠭᠡᠢ ᠪᠣᠯ ᠬᠠᠲᠠᠭᠤ ᠠᠷᠭ᠎ᠠ ᠪᠠᠷᠢᠯ ᠢ ᠬᠡᠷᠡᠭᠯᠡᠵᠦ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠭᠦᠢᠴᠡᠳ ᠬᠡᠷᠡᠭᠯᠡᠨ ᠬᠠᠤᠯᠢ ᠶᠣᠰᠣᠭᠠᠷ ᠴᠢᠩᠭ᠎ᠠ᠂ ᠬᠦᠨᠳᠦ ᠪᠠᠷ᠂ ᠲᠦᠷᠭᠡᠨ ᠰᠢᠢᠳᠪᠦᠷᠢᠯᠡᠬᠦ ᠬᠡᠷᠡᠭᠲᠡᠢ᠃ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠢᠯᠠᠩᠭᠤᠶ᠎ᠠ ᠲᠣᠭᠲᠠᠭᠠᠯ ᠠᠴᠠ ᠵᠥᠷᠢᠴᠡᠨ ᠭᠠᠯ ᠭᠡᠷᠡᠭᠯᠵᠦ ᠭᠠᠩᠨᠠᠬᠤ ᠠᠵᠢᠯ ᠬᠢᠬᠦ᠂ ᠠᠶᠤᠯᠭᠦᠢ ᠲᠠᠷᠬᠠᠭᠠᠬᠤ ᠵᠠᠮ ᠢ ᠡᠵᠡᠯᠡᠬᠦ ᠪᠠ ᠲᠣᠭᠲᠠᠭᠠᠯ ᠠᠴᠠ ᠵᠥᠷᠢᠴᠡᠨ ᠲᠡᠮᠦᠷ ᠬᠡᠷᠡᠰᠬᠡ ᠬᠡᠷᠡᠭᠯᠡᠬᠦ ᠵᠡᠷᠭᠡ ᠠᠰᠠᠭᠤᠳᠠᠯ ᠳᠤ ᠡᠷᠡᠰ ᠴᠣᠬᠢᠯᠲᠠ ᠥᠭᠴᠦ ᠴᠡᠭᠴᠡᠯᠡᠨ ᠵᠠᠰᠠᠬᠤ ᠬᠡᠷᠡᠭᠲᠡᠢ᠃ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠡᠷᠡᠭᠦᠦ ᠰᠢᠳᠬᠡᠯ ᠢ ᠨᠢ ᠵᠣᠯᠭᠠᠭᠤᠯᠬᠤ ᠶᠢ ᠴᠢᠩᠭᠠᠳᠬᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠂ ᠢᠯᠳᠠᠷ ᠬᠠᠶᠠᠵᠤ ᠶᠠᠭᠠᠬᠢᠭᠰᠠᠨ ᠴᠤ ᠪᠤᠯᠬᠤ ᠦᠭᠡᠢ᠃       ︵ᠭᠤᠷᠪᠠ︶ ᠶᠡᠬᠡᠪᠡᠷ ᠢᠯᠡᠴᠢᠯᠡᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠡᠯ᠎ᠡ ᠲᠠᠰᠤᠭ  ᠨᠢ ᠨᠡᠶᠢᠲᠡᠯᠢᠭ ᠳᠠᠯᠳᠠ ᠭᠡᠮ᠂ ᠲᠣᠪᠣᠶᠢᠮ᠎ᠠ ᠠᠰᠠᠭᠤᠳᠠᠯ ᠪᠣᠯᠣᠨ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠣᠯᠠᠨ ᠳᠤ ᠢᠯᠡᠴᠢᠯᠡᠵᠦ᠂ ᠠᠵᠤ ᠠᠬᠤᠶᠢᠯᠠᠯ ᠤᠨ ᠨᠡᠷᠡᠶᠢᠳᠦᠯ ᠪᠣᠯᠣᠨ ᠪᠣᠳᠠᠲᠠᠢ ᠠᠰᠠᠭᠤᠳᠠᠯ ᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠳᠠᠯᠳᠠ ᠭᠡᠮ ᠤᠨ ᠠᠰᠠᠭᠤᠳᠠᠯ ᠣᠨᠴᠠ ᠲᠣᠪᠣᠶᠢᠮ᠎ᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠨᠴᠠ ᠬᠦᠨᠳᠦ ᠨᠣᠴᠢᠲᠠᠢ ᠪᠠᠶᠢᠪᠠᠯ᠂ ᠭᠤᠣᠯ ᠪᠤᠯᠬᠤ ᠵᠠᠭᠤᠴᠢᠯᠠᠭᠤᠷ ᠲᠠᠢ ᠵᠣᠬᠢᠴᠠᠭᠤᠯᠤᠨ ᠣᠯᠠᠨ ᠳᠤ ᠢᠯᠡᠴᠢᠯᠡᠵᠦ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠵᠠᠭᠤᠴᠢᠯᠠᠭᠤᠷ ᠤᠨ ᠲᠠᠪᠴᠠᠩ ᠢ ᠠᠰᠢᠭᠯᠠᠨ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠶᠡᠬᠡᠪᠡᠷ ᠤᠬᠠᠭᠤᠯᠵᠤ᠂ ᠬᠠᠮᠢᠶ᠎ᠠ ᠪᠦᠬᠦᠢ ᠱᠠᠩᠨᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢ ᠳᠠᠶᠢᠴᠢᠯᠠᠨ ᠭᠠᠯ ᠤᠨ ᠠᠶᠤᠯ ᠤᠨ ᠳᠠᠯᠳᠠ ᠭᠡᠮ ᠪᠣᠯᠣᠨ ᠭᠠᠯ ᠤᠨᠲᠠᠷᠠᠭᠠᠬᠤ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠬᠡᠷᠡᠭᠲᠡᠢ᠃      ᠡᠯ᠎ᠡ ᠲᠠᠰᠤᠭ ᠨᠢ ᠨᠡᠶᠢᠲᠡᠯᠢᠭ ᠭᠠᠯ ᠲᠦᠢᠮᠡᠷ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠨ᠂ ᠭᠠᠯ ᠤᠨ ᠠᠶᠤᠯ ᠤᠨ ᠠᠳᠡᠯ ᠤᠨ ᠰᠢᠯᠲᠠᠭᠠᠨ ᠳᠤ ᠵᠠᠳᠠᠯᠤᠯᠲᠠ ᠬᠢᠵᠦ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠦᠭᠡᠢ ᠭᠠᠯ ᠬᠡᠷᠡᠭᠯᠡᠬᠦ᠂ ᠴᠠᠭᠢᠯᠭᠠᠨ ᠬᠡᠷᠡᠭᠯᠡᠬᠦ  ᠂ ᠰᠢᠲᠠᠮᠠᠬᠠᠢ ᠬᠡᠢ ᠬᠡᠷᠡᠭᠯᠡᠬᠦ  ᠂ ᠠᠶᠤᠯ ᠦᠭᠡᠢ ᠫᠤᠤᠵᠢᠩ ᠲᠠᠯᠪᠢᠬᠤ᠂ ︿ᠠᠮᠢ ᠨᠠᠰᠤᠨ ᠤ ᠨᠡᠪᠲᠡᠷᠡᠬᠦ ᠵᠠᠮ﹀ ᠢ ᠰᠠᠭᠠᠳ ᠦᠭᠡᠢ ᠨᠡᠪᠲᠡᠷᠡᠭᠦᠯᠬᠦ᠂ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠠᠮᠢ ᠵᠢᠭᠤᠲᠠᠭᠤᠯᠬᠤ ᠵᠡᠷᠭᠡ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠭᠤᠷᠪᠠ ᠶᠢ ᠴᠡᠪᠡᠷᠯᠡᠬᠦ ᠭᠤᠷᠪᠡ ᠶᠢ ᠬᠠᠭᠠᠬᠤ︾ ︵ ᠱᠠᠲᠤ ᠭᠤᠳᠤᠮᠵᠢ ᠶᠢ ᠴᠡᠪᠡᠷᠯᠡᠬᠦ᠂ ᠨᠠᠷᠠᠪᠴᠢ ᠶᠢ ᠴᠡᠪᠡᠷᠯᠡᠬᠦ᠂ ᠲᠣᠭᠤᠭᠠᠨ ᠭᠡᠷ ᠢ ᠴᠡᠪᠡᠷᠯᠡᠬᠦ᠂ ᠭᠠᠯ ᠤᠨ ᠡᠬᠢ ᠶᠢ ᠬᠠᠭᠠᠬᠤ᠂ ᠴᠠᠭᠢᠯᠭᠠᠨ ᠤ ᠢᠷᠡᠯᠲᠡ ᠶᠢ ᠬᠠᠭᠠᠬᠤ᠂ ᠬᠡᠢ ᠶᠢᠨ ᠢᠷᠡᠯᠲᠡ ᠶᠢ ᠬᠠᠭᠠᠬᠤ︶ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃       ︵ᠳᠥᠷᠪᠡ︶ ᠰᠣᠷᠢᠯᠲᠠ ᠶᠢᠨ ᠠᠵᠢᠯᠯᠠᠭ᠎ᠠ ᠶᠢ ᠶᠡᠬᠡᠪᠡᠷ ᠲᠥᠪᠯᠡᠷᠡᠭᠦᠯᠦᠨ ᠥᠷᠨᠢᠭᠦᠯᠦᠨ᠎ᠡ᠃ ᠡᠯ᠎ᠡ ᠠᠵᠤ ᠠᠬᠤᠶᠢᠯᠠᠯ ᠰᠣᠷᠢᠯᠲᠠ ᠬᠢᠬᠦ ᠪᠡᠯᠡᠳᠬᠡᠯ ᠲᠥᠰᠥᠯ ᠲᠣᠭᠲᠠᠭᠠᠬᠤ᠂ ᠰᠣᠷᠢᠯᠲᠠ ᠬᠢᠬᠦ ᠪᠡᠯᠡᠳᠬᠡᠯ ᠢ ᠰᠠᠶᠢᠲᠤᠷ ᠬᠢᠬᠦ᠂ ᠰᠣᠷᠢᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠠᠵᠢᠯᠯᠠᠭ᠎ᠠ ᠪᠠᠨ ᠳᠠᠭᠢᠨ ᠵᠠᠳᠠᠯᠵᠤ ᠦᠨᠡᠯᠡᠨ ᠵᠢᠱᠢᠬᠦ ᠶᠢ ᠥᠷᠨᠢᠭᠦᠯᠬᠦ ᠠᠷᠭ᠎ᠠ ᠠᠯᠬᠤᠮ ᠳᠠᠷᠠᠭ᠎ᠠ ᠪᠠᠨ ᠲᠣᠭᠲᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠰᠣᠷᠢᠯᠲᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠥᠰ ᠤᠨ ᠠᠩᠬ᠎ᠠ ᠡᠭᠦᠰᠦᠭᠰᠡᠨ ᠭᠠᠯ ᠤᠨ ᠠᠶᠤᠯ ᠢ ᠤᠨᠲᠠᠷᠠᠭᠠᠨ ᠠᠪᠤᠷᠠᠬᠤ ᠪᠠ ᠲᠠᠷᠬᠠᠭᠠᠵᠤ ᠠᠮᠢ ᠵᠢᠭᠤᠲᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠥᠮᠥᠨ ᠪᠦᠭᠦᠨ ᠠᠮᠢ ᠵᠢᠭᠤᠲᠠᠬᠤ᠂ ᠬᠥᠮᠥᠨ ᠪᠦᠭᠦᠨ ᠪᠠᠴᠢᠮ ᠪᠠᠶᠢᠳᠠᠯ ᠢ ᠠᠷᠭᠠᠴᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃       ︵ᠲᠠᠪᠤ︶ ᠪᠣᠯᠵᠣᠨ ᠶᠠᠷᠢᠯᠴᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠶᠡᠭᠡ ᠵᠢᠭᠰᠠᠭᠠᠨ ᠪᠠᠶᠢᠴᠠᠭᠠᠬᠤ᠂ ᠶᠡᠭᠡ ᠴᠡᠭᠴᠡᠯᠡᠨ ᠵᠠᠰᠠᠬᠤ ᠠᠵᠢᠯᠯᠠᠭ᠎ᠠ ᠯᠤᠭ᠎ᠠ ᠤᠶᠠᠯᠳᠤᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠦᠭᠰᠢᠭᠦᠷᠢ ᠶᠢ ᠬᠢᠨᠠᠮᠠᠭᠠᠢ ᠰᠤᠳᠤᠯᠤᠨ ᠮᠠᠭᠠᠳᠯᠠᠵᠤ᠂ ᠭᠠᠯ ᠤᠨ ᠠᠶᠤᠯ ᠣᠯᠠᠨᠲᠠ ᠭᠠᠷᠳᠠᠭ ᠣᠷᠣᠨ᠂ ᠠᠰᠠᠭᠤᠳᠠᠯ ᠲᠣᠪᠣᠶᠢᠮ᠎ᠠ ᠠᠵᠢᠯ ᠲᠥᠷᠥᠯ ᠯᠦᠭᠡ ᠪᠣᠯᠵᠣᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠰᠡᠷᠡᠮᠵᠢ ᠶᠢᠨ ᠵᠠᠬᠢᠳᠠᠯ ᠲᠠᠷᠬᠠᠭᠠᠨ᠎ᠠ᠃ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠳᠤ ᠬᠦᠴᠢᠷᠳᠡᠯ ᠶᠡᠭᠡ᠂ ᠭᠠᠯ ᠤᠨ ᠠᠶᠤᠯ ᠤᠨ ᠲᠦᠭᠰᠢᠭᠦᠷᠢ ᠶᠡᠬᠡᠲᠡᠢ ᠪᠠᠶᠢᠪᠠᠯ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠲᠤᠬᠠᠢ ᠶᠢᠨ ᠭᠠᠵᠠᠷ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ ᠂ ᠲᠦᠭᠰᠢᠭᠦᠷᠢ ᠶᠢ ᠲᠣᠳᠣᠷᠬᠠᠶᠢᠯᠠᠵᠤ᠂ ᠬᠤᠣᠷ ᠬᠥᠨᠥᠭᠡᠯ ᠢ ᠨᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃       ︵ᠵᠢᠷᠭᠤᠭ᠎ᠠ︶ ᠬᠠᠤᠯᠢ ᠬᠡᠷᠡᠭᠵᠢᠭᠦᠯᠦᠯᠲᠡ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠲᠤᠰ ᠨᠢᠭᠡᠴᠡ  ᠨᠢ ᠬᠠᠤᠯᠢ ᠬᠡᠷᠡᠭᠵᠢᠭᠦᠯᠬᠦ ᠪᠠᠭ᠎ᠠ ᠬᠤᠪᠢᠶᠠᠷᠢ ᠠᠩᠭᠢ ᠪᠠᠶᠢᠭᠤᠯᠵᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠨᠢ ᠠᠩᠭᠢ ᠳᠠᠭᠠᠭᠤᠯᠤᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠡᠳᠡᠨ ᠰᠢᠯᠵᠢᠭᠦᠯᠵᠦ᠂ ᠬᠦᠷᠢᠶ᠎ᠡ ᠬᠡᠪᠴᠢᠶ᠎ᠡ ᠬᠤᠪᠢᠶᠠᠨ ᠲᠥᠪᠯᠡᠷᠡᠭᠦᠯᠦᠨ ᠪᠠᠶᠢᠴᠠᠭᠠᠯᠲᠠ ᠬᠢᠵᠦ᠂ ᠵᠣᠷᠢᠭᠲᠠᠢ ᠪᠠᠷ ᠦᠨᠡᠨ ᠪᠣᠳᠠᠲᠠᠢ ᠬᠦᠨᠳᠦ ᠬᠡᠴᠡᠭᠦᠦ ᠪᠠᠶᠢᠳᠠᠯ ᠳᠤ ᠴᠢᠭᠯᠡᠨ᠂ ᠠᠰᠠᠭᠤᠳᠠᠯ ᠳᠤ ᠵᠣᠷᠢᠭᠲᠠᠢ ᠪᠠᠷ ᠰᠢᠭᠤᠳ ᠴᠣᠬᠢᠯᠲᠠ ᠥᠭᠴᠦ᠂ ᠪᠠᠶᠢᠴᠠᠭᠠᠭᠰᠠᠨ ᠪᠠᠶᠢᠳᠠᠯ ᠢᠶᠠᠨ ᠦᠨᠡᠨ ᠪᠣᠳᠠᠲᠠᠢ ᠪᠠᠷ ᠬᠠᠷᠢᠭᠤ ᠲᠤᠰᠬᠠᠵᠤ᠂  ᠦᠨᠡᠨ ᠪᠣᠳᠠᠲᠠᠢ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠣᠯᠬᠤ ᠬᠡᠷᠡᠭᠲᠡᠢ᠃      ᠵᠢᠷᠭᠤᠭ᠎ᠠ᠂ ᠠᠵᠢᠯ ᠤᠨ ᠠᠯᠬᠤᠮ ᠳᠠᠷᠠᠭ᠎ᠠ       ︵ᠨᠢᠭᠡ︶ ᠳᠠᠶᠢᠴᠢᠯᠠᠨ ᠪᠠᠶᠢᠷᠢᠯᠠᠭᠤᠯᠬᠤ ︵2014 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠤᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠭᠡᠮ ᠰᠣᠭᠤᠭ ᠢ ᠠᠷᠢᠯᠭᠠᠨ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ᠢ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠪᠠ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠲᠤᠰᠬᠠᠢ ᠰᠡᠳᠦᠪ ᠤᠨ ᠪᠠᠶᠢᠷᠢᠯᠠᠭᠤᠯᠤᠯᠲᠠ ᠬᠢᠬᠦ ᠬᠡᠷᠡᠭᠲᠡᠢ᠃       ︵ᠬᠤᠶᠠᠷ︶ ᠭᠡᠮ ᠰᠣᠭᠤᠭ ᠢ ᠠᠷᠢᠯᠭᠠᠬᠤ  ︵2014 ᠣᠨ ᠤ 3 ᠳ᠋ᠤᠭᠠᠷ ᠰᠠᠷ᠎ᠠ ᠶᠢᠨ ᠳᠤᠮᠳᠠᠴᠢ ᠠᠴᠠ ᠡᠮᠦᠨ᠎ᠡ︶᠃ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠶᠡᠭᠡ ᠵᠢᠭᠰᠠᠭᠠᠨ ᠪᠠᠶᠢᠴᠠᠭᠠᠬᠤ᠂ ᠶᠡᠭᠡ ᠴᠡᠭᠴᠡᠯᠡᠨ ᠵᠠᠰᠠᠬᠤ᠂ ᠶᠡᠬᠡᠪᠡᠷ ᠢᠯᠡᠴᠢᠯᠡᠬᠦ᠂ ᠶᠡᠭᠡ ᠰᠣᠷᠢᠯᠲᠠ ᠬᠢᠬᠦ᠂ ᠪᠣᠯᠵᠣᠨ ᠶᠠᠷᠢᠯᠴᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠵᠤ ᠠᠬᠤᠶᠢᠯᠠᠯ ᠤᠨ ᠲᠣᠪᠣᠶᠢᠮ᠎ᠠ ᠲᠦᠭᠰᠢᠭᠦᠷᠢ ᠶᠢᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠶᠡᠭᠡ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃       ︵ᠭᠤᠷᠪᠠ︶ ᠰᠢᠯᠭᠠᠨ ᠦᠨᠡᠯᠡᠨ ᠵᠢᠱᠢᠬᠦ ︵2014 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠲᠠᠰᠤᠭ ᠨᠢ ᠲᠥᠰᠥᠯ ᠲᠠᠢ ᠤᠶᠠᠯᠳᠤᠭᠤᠯᠤᠨ ᠰᠢᠯᠭᠠᠨ ᠦᠨᠡᠯᠡᠨ ᠵᠢᠱᠢᠬᠦ ᠠᠵᠢᠯ ᠥᠷᠨᠢᠭᠦᠯᠵᠦ᠂ ᠦᠷ᠎ᠡ ᠪᠦᠲᠦᠮᠵᠢ ᠪᠠᠨ ᠳ᠋ᠦᠩᠨᠡᠨ᠂ ᠠᠰᠠᠭᠤᠳᠠᠯ ᠢ ᠮᠡᠳᠡᠭᠡᠯᠡᠨ᠎ᠡ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠭᠡᠵᠦ᠂ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠳᠠᠭᠢᠨ ᠵᠣᠬᠢᠶᠠᠨ ᠪᠠᠶᠢᠭᠤᠯᠤᠨ ᠥᠷᠨᠢᠭᠦᠯᠬᠦ ᠶᠢ ᠳᠠᠭᠠᠭᠠᠯᠭᠠᠬᠤ ᠬᠡᠷᠡᠭᠲᠡᠢ᠃      ᠳᠣᠯᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠲᠠᠰᠤᠭ ᠪᠣᠯᠣᠨ ᠠᠵᠤ ᠠᠬᠤᠶᠢᠯᠠᠯ ᠨᠢ ᠶᠡᠷᠦᠩᠬᠡᠢ ᠱᠦᠵᠢ ᠱᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠶᠢᠯᠭᠠᠬᠤ ᠪᠠᠶᠢᠷᠢᠨ ᠠᠴᠠ ᠠᠰᠠᠭᠤᠳᠠᠯ ᠢ ᠰᠢᠨᠵᠢᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ  ᠶᠢ ᠣᠳᠣᠬᠠᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠡᠭᠡ ᠲᠠᠯ᠎ᠠ ᠶᠢᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠵᠢᠯᠣᠭᠤᠳᠤᠯᠭ᠎ᠠ ᠪᠠ ᠲᠣᠬᠢᠷᠠᠭᠤᠯᠭ᠎ᠠ ᠶᠢ ᠴᠢᠩᠭᠠᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ﹇ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹈ ᠲᠣᠭᠲᠠᠭᠠᠯ ᠤᠳ︾ ᠢ ᠲᠣᠭᠲᠠᠭᠠᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ᠂ ᠲᠦᠭᠰᠢᠭᠦᠷᠢ ᠶᠢᠨ ᠳᠠᠯᠳᠠ ᠭᠡᠮ ᠢ ᠬᠢᠨᠠᠮᠠᠭᠠᠢ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠨ᠂ ᠡᠯ᠎ᠡ ᠲᠥᠷᠥᠯ ᠤᠨ ᠭᠠᠯ ᠤᠨ ᠠᠶᠤᠯ ᠤᠨ ᠠᠳᠡᠯ ᠣᠯᠠᠨ ᠡᠭᠦᠰᠬᠦ ᠦᠷᠭᠦᠯᠵᠢ ᠭᠠᠷᠬᠤ ᠬᠠᠨᠳᠤᠰᠢ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠲᠠᠰᠤᠭ ᠨᠢ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ᠂ ᠴᠠᠭᠠᠨ ᠰᠠᠷ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠵᠡᠷᠭᠡ ᠭᠤᠣᠯᠳᠠᠯᠭ᠎ᠠ ᠲᠠᠢ ᠡᠭᠦᠷᠭᠡ ᠶᠢ ᠪᠦᠲᠦᠮᠵᠢᠲᠡᠢ ᠤᠶᠠᠯᠳᠤᠭᠤᠯᠤᠨ᠂ ᠵᠡᠷᠭᠡᠪᠡᠷ ᠠᠬᠢᠭᠤᠯᠵᠤ᠂ ᠰᠢᠰᠲ᠋ᠧᠮ ᠲᠠᠢ ᠵᠠᠰᠠᠯᠲᠠ᠂ ᠶᠡᠷᠦᠩᠬᠡᠶᠢᠯᠡᠭᠰᠡᠨ ᠵᠠᠰᠠᠯᠲᠠ᠂ ᠡᠬᠢ ᠡᠭᠦᠰᠦᠯ ᠠᠴᠠ ᠭᠠᠷᠳᠠᠬᠤ ᠵᠠᠰᠠᠯᠲᠠ᠂ ᠬᠠᠤᠯᠢ ᠶᠣᠰᠣᠭᠠᠷ ᠵᠠᠰᠠᠬᠤ ᠪᠠᠨ ᠴᠢᠩᠭᠠᠳᠬᠠᠵᠤ᠂ ᠨᠢᠭᠡ ᠤᠳᠠᠭᠠᠨ ᠤ ᠪᠦᠭᠦ ᠲᠠᠯ᠎ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠭᠡᠮ ᠰᠣᠭᠤᠭ ᠤᠨ ᠠᠰᠠᠭᠤᠳᠠᠯ ᠲᠥᠪᠯᠡᠷᠡᠭᠰᠡᠨ ᠭᠤᠣᠯᠳᠠᠯᠭ᠎ᠠ ᠲᠠᠢ ᠬᠦᠷᠢᠶ᠎ᠡ᠂ ᠮᠡᠳᠡᠷᠡᠮᠵᠢ ᠶᠡᠬᠡᠳᠡᠢ ᠲᠠᠯᠠᠪᠤᠷ᠂ ᠪᠠᠭᠤᠷᠠᠢ ᠭᠤᠭᠴᠤᠭ᠎ᠠ ᠶᠢ ᠣᠨᠣᠪᠴᠢᠲᠠᠢ ᠪᠥᠭᠡᠳ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠪᠡᠷᠬᠡ ᠰᠡᠳᠦᠪ ᠢ ᠬᠦᠴᠦᠯᠡᠨ ᠰᠢᠢᠳᠪᠦᠷᠢᠯᠡᠵᠦ᠂ ᠲᠤᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠦᠭᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃       ︵ᠭᠤᠷᠪᠠ︶ ᠬᠢᠨᠠᠯᠲᠠ ᠲᠠᠯᠪᠢᠵᠤ ᠦᠷ᠎ᠡ ᠪᠦᠳᠦᠮᠵᠢ ᠶᠢᠨ ᠬᠢᠨᠠᠯᠲᠠ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠲᠠᠰᠤᠭ ᠨᠢ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ  ᠶᠢ ᠡᠳᠦᠷ ᠳᠣᠳᠣᠮ ᠤᠨ ᠬᠢᠨᠠᠨ ᠵᠢᠯᠤᠭᠤᠳᠴᠤ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠶᠠᠪᠤᠴᠠ ᠶᠢᠨ ᠬᠢᠨᠠᠨ ᠬᠠᠮᠢᠶᠠᠷᠤᠯᠲᠠ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠭᠡᠮ ᠰᠣᠭᠤᠭ ᠢ ᠠᠷᠢᠯᠭᠠᠨ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠭᠤᠴᠠᠭᠠᠨ ᠳᠤ᠂ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠠᠶᠤᠯ ᠤᠨ ᠠᠳᠡᠯ ᠭᠠᠷᠤᠭᠰᠠᠨ ᠪᠠᠶᠢᠪᠠᠯ᠂ ᠳᠡᠰ ᠳᠠᠷᠠᠭᠠᠯᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠡᠬᠢᠯᠡᠭᠦᠯᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠰᠢᠯᠢ ᠶᠢᠨ ᠬᠤᠲᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ      2024 ᠣᠨ ᠤ 2 ᠰᠠᠷ᠎ᠠ ᠶᠢᠨ 3 ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号