ᠰᠢᠯᠢ ᠶᠢᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/23
     ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠬᠠᠮᠢᠶ᠎ᠠ ᠪᠦᠬᠦᠢ ᠠᠰᠠᠭᠤᠳᠠᠯ ᠢ ᠲᠤᠰᠬᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ᠰᠢᠯᠢ ᠶᠢᠨ ᠬᠤᠲᠠ ᠶᠢᠨ ᠣᠷᠣᠨ ᠰᠠᠭᠤᠴᠠ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠵᠢᠴᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠭᠡᠮ ᠨᠡᠶᠢᠲᠡ ᠳᠤ ᠣᠨᠴᠠᠭᠠᠶᠢᠯᠠᠨ ᠨᠡᠶᠢᠲᠡᠯᠡᠪᠡ᠃      ᠨᠢᠭᠡ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ         ︵ᠨᠢᠭᠡ︶ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ        1᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠬᠤᠲᠠ ᠪᠠᠯᠭᠠᠰᠤᠨ ᠤ ᠬᠤᠭ ᠨᠣᠪᠰᠢ ᠶᠢ ᠭᠥᠯᠢᠶᠡᠨ ᠠᠪᠤᠭᠰᠠᠨ ᠠᠰᠠᠭᠤᠳᠠᠯ᠃        2᠂ ᠬᠤᠲᠠ ᠪᠠᠯᠭᠠᠰᠤ ᠶᠢᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠰᠡᠨ ᠨᠢ ᠲᠦᠷᠢᠮᠵᠢᠯ ᠦᠭᠡᠢ ᠪᠠᠶᠢᠬᠤ ᠠᠰᠠᠭᠤᠳᠠᠯ᠃        3᠂ ᠬᠠᠤᠯᠢ ᠲᠣᠭᠲᠠᠭᠠᠯ ᠠᠴᠠ ᠵᠥᠷᠢᠴᠡᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠦᠶᠯᠡ ᠠᠵᠢᠯᠯᠠᠭ᠎ᠠ᠃        4᠂ ᠬᠤᠲᠠ ᠪᠠᠯᠭᠠᠰᠤ ᠶᠢᠨ ᠬᠤᠭ ᠨᠣᠪᠰᠢ ᠶᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ᠂ ᠬᠠᠤᠯᠢ ᠪᠤᠰᠤ ᠪᠠᠷ ᠠᠰᠬᠠᠵᠤ ᠣᠷᠬᠢᠭᠳᠠᠭᠤᠯᠤᠭᠰᠠᠨ ᠠᠰᠠᠭᠤᠳᠠᠯ᠃        5᠂ ᠲᠠᠷᠢᠶᠠᠯᠠᠬᠤ ᠮᠠᠯᠵᠢᠬᠤ ᠣᠷᠣᠨ ᠤ  ᠪᠠᠶᠢᠩᠭᠤ ᠶᠢᠨ ᠪᠤᠰᠤ ᠬᠤᠭ ᠨᠣᠪᠰᠢ ᠣᠪᠣᠭᠠᠯᠠᠬᠤ ᠴᠢᠭ ᠤᠨ ᠠᠰᠠᠭᠤᠳᠠᠯ᠃        6᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠤᠯᠪᠣᠭᠳᠠᠭᠰᠠᠨ ᠬᠠᠷ᠎ᠠ ᠬᠠᠷᠭᠢᠰ ᠶᠠᠯᠠᠲᠤ ᠠᠵᠢᠯᠯᠠᠭ᠎ᠠ᠃        7᠂ ᠪᠦᠲᠦᠭᠡᠨ ᠪᠠᠶᠢᠭᠤᠯᠬᠤ  ᠨᠢᠭᠡᠴᠡ ᠬᠠᠤᠯᠢ ᠶᠢ ᠵᠥᠷᠢᠴᠡᠨ ᠳᠠᠭᠠᠭᠠᠴᠢᠯᠠᠭᠤᠯᠤᠭᠰᠠᠨ᠃       8᠂ ᠪᠠᠷᠢᠯᠭ᠎ᠠ ᠪᠠᠷᠢᠬᠤ ᠨᠢᠭᠡᠴᠡ ᠬᠢᠷᠢ ᠴᠢᠳᠠᠯ ᠤᠨ ᠵᠡᠷᠭᠡ ᠳᠡᠰ ᠠᠴᠠ ᠪᠠᠨ ᠳᠠᠪᠠᠭᠤᠯᠤᠨ ᠲᠤᠬᠠᠶᠢᠯᠠᠭᠰᠠᠨ ᠠᠵᠢᠯ ᠢ ᠳᠠᠭᠠᠭᠠᠨ ᠠᠪᠴᠤ᠂  ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ  ᠠᠰᠠᠭᠤᠳᠠᠯ᠃      9᠂ ᠳᠠᠭᠠᠭᠠᠴᠢᠯᠠᠯᠲᠠ ᠳᠤ ᠣᠷᠣᠯᠴᠠᠭᠴᠢ ᠬᠤᠭᠤᠷᠣᠨᠳᠤ ᠪᠠᠨ ᠰᠥᠯᠪᠡᠭᠡᠯᠳᠦᠨ ᠳᠠᠭᠠᠭᠠᠴᠢᠯᠠᠯᠲᠠ ᠳᠤ ᠣᠷᠣᠯᠴᠠᠬᠤ᠂ ᠳᠠᠭᠠᠭᠠᠴᠢᠯᠠᠯᠲᠠ ᠳᠤ ᠣᠷᠣᠯᠴᠠᠭᠴᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠳᠠᠭᠠᠭᠠᠴᠢᠯᠠᠯᠲᠠ ᠳᠤ ᠣᠷᠣᠯᠴᠠᠬᠤ ᠠᠰᠠᠭᠤᠳᠠᠯ᠃        ︵ᠬᠤᠶᠠᠷ︶ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶ᠎ᠡ        1᠂ ᠠᠶᠤᠯᠲᠠᠢ ᠬᠠᠶᠠᠭᠳᠠᠮᠠᠯ ᠪᠣᠳᠠᠰ ︵ᠡᠮᠴᠢᠯᠡᠭᠡᠨ ᠤ ᠬᠠᠶᠠᠭᠳᠠᠮᠠᠯ ᠪᠣᠳᠠᠰ ᠪᠠᠭᠲᠠᠨ᠎ᠠ︶ ᠢ ᠬᠠᠤᠯᠢ ᠠᠴᠠ ᠵᠥᠷᠢᠴᠡᠨ ᠡᠵᠡᠩᠨᠡᠬᠦ᠂ ᠰᠢᠢᠳᠪᠦᠷᠢᠯᠡᠬᠦ᠂ ᠠᠰᠢᠭᠯᠠᠬᠤ ᠵᠡᠷᠭᠡ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃        2᠂ ᠣᠷᠴᠢᠨ ᠲᠣᠭᠤᠷᠢᠨ ᠤ  ᠡᠮᠵᠡᠭᠳᠦ ᠣᠷᠣᠨ ᠳᠣᠲᠣᠷ᠎ᠠ ᠠᠶᠤᠯᠲᠠᠢ ᠬᠠᠶᠠᠭᠳᠠᠮᠠᠯ ᠪᠣᠳᠠᠰ   ᠢ ᠬᠠᠤᠯᠢ ᠠᠴᠠ ᠵᠥᠷᠢᠴᠡᠨ ᠭᠠᠳᠠᠭᠰᠢᠯᠠᠭᠤᠯᠤᠭᠰᠠᠨ᠂ ᠴᠢᠳᠬᠤᠭᠰᠠᠨ᠂ ᠰᠢᠢᠳᠪᠦᠷᠢᠯᠡᠭᠰᠡᠨ ᠥᠢᠯᠡ ᠠᠵᠢᠯᠯᠠᠭ᠎ᠠ᠃       3᠂ ᠳᠠᠯᠳᠠ ᠬᠤᠭᠤᠯᠠᠢ᠂ ᠬᠤᠳᠳᠤᠭ ᠨᠦᠬᠡᠨ ᠳᠤ ᠨᠡᠪᠴᠢᠭᠦᠯᠬᠦ᠂ ᠠᠩ ᠵᠠᠪᠰᠠᠷ᠂ ᠠᠭᠤᠰᠤᠭᠳᠠᠮᠠᠯ ᠠᠭᠤᠢ ᠳᠤ ᠴᠢᠳᠬᠤᠨ ᠣᠷᠣᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ ᠠᠷᠭ᠎ᠠ ᠮᠠᠶ᠋ᠢᠭ ᠢᠶᠠᠷ ᠠᠶᠤᠯᠲᠠᠢ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ᠂ ᠴᠢᠳᠬᠤᠬᠤ᠂ ᠰᠢᠢᠳᠪᠦᠷᠢᠯᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ᠃      4᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠡ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠶᠢᠨ ᠤᠯᠠᠮ ᠠᠴᠠ ᠠᠶᠤᠯᠲᠠᠢ ᠬᠠᠶᠠᠭᠳᠠᠮᠠᠯ ᠪᠣᠳᠠᠰ ᠢ ᠬᠡᠶᠢᠰᠬᠡᠵᠦ ᠪᠤᠲᠠᠷᠠᠭᠤᠯᠤᠭᠰᠠᠨ᠂  ᠭᠡᠭᠡᠭᠳᠡᠭᠦᠯᠦᠭᠰᠡᠨ᠂ ᠨᠡᠪᠴᠢᠭᠦᠯᠵᠦ ᠭᠤᠭᠤᠵᠢᠭᠤᠯᠤᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠦᠢᠯᠡ ᠠᠵᠢᠯᠯᠠᠭ᠎ᠠ ᠃      5᠂ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠨᠢ ᠣᠷᠴᠢᠨ ᠲᠣᠭᠤᠷᠢᠨ ᠤ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠪᠡᠯᠡᠳᠬᠡᠮᠵᠢ ᠶᠢ ᠰᠢᠯᠭᠠᠨ ᠠᠪᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ᠃      6᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠭᠡᠷᠡᠲᠦᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ ᠪᠤᠶᠤ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠶᠢ ᠬᠠᠷᠰᠢᠯᠠᠭᠰᠠᠨ ᠵᠡᠷᠭᠡ ᠬᠢᠨᠠᠨ ᠬᠠᠮᠢᠶᠠᠷᠬᠤ ᠠᠷᠭ᠎ᠠ ᠮᠠᠶ᠋ᠢᠭ ᠠᠴᠠ ᠵᠠᠶᠢᠯᠠᠬᠤ ᠬᠠᠤᠯᠢ ᠶᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠦᠢᠯᠡ ᠠᠵᠢᠯᠯᠠᠭ᠎ᠠ᠃      7᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠤᠭᠰᠠᠷᠠᠵᠤ ᠬᠡᠷᠡᠭᠯᠡᠭᠰᠡᠨ ᠦᠭᠡᠢ ᠪᠤᠶᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠯᠦᠭᠡ ᠰᠦᠯᠵᠢᠶᠡᠨ ᠳᠤ ᠬᠤᠯᠪᠣᠭᠰᠠᠨ ᠦᠭᠡᠢ ᠠᠰᠠᠭᠤᠳᠠᠯ᠃      8᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠵᠢᠴᠢ ᠲᠤᠰᠠᠯᠠᠬᠤ ᠲᠥᠬᠦᠭᠡᠷᠦᠮᠵᠢ ᠶᠢ ᠡᠪᠳᠡᠨ ᠰᠦᠢᠳᠬᠡᠵᠦ᠂ ᠳᠤᠷ᠎ᠠ ᠪᠠᠷ ᠢᠶᠠᠨ ᠰᠢᠯᠵᠢᠭᠦᠯᠵᠦ ᠬᠤᠪᠢᠷᠠᠭᠤᠯᠤᠭᠠᠳ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠶᠢᠨ ᠬᠡᠪ ᠢᠶᠠᠷ ᠠᠵᠢᠯᠯᠠᠬᠤ ᠶᠢ ᠦᠯᠦ ᠪᠠᠲᠤᠯᠠᠭᠰᠠᠨ ᠦᠢᠯᠡ ᠠᠵᠢᠯᠯᠠᠭ᠎ᠠ᠃        ︵ᠭᠤᠷᠪᠠ︶ ᠤᠢ ᠰᠢᠭᠤᠢ ᠡᠪᠡᠰᠦ ᠪᠡᠯᠴᠢᠭᠡᠷ ᠤᠨ ᠬᠦᠷᠢᠶ᠎ᠡ       1᠂ ᠣᠶ ᠰᠢᠭᠤᠢ ᠡᠪᠡᠰᠦᠲᠦ ᠭᠠᠵᠠᠷ ᠢ ᠬᠠᠤᠯᠢ ᠲᠣᠭᠲᠠᠭᠠᠯ   ᠠᠴᠠ ᠵᠥᠷᠢᠴᠡᠨ ᠡᠵᠡᠯᠡᠨ ᠬᠡᠷᠡᠭᠯᠡᠭᠰᠡᠨ ᠠᠰᠠᠭᠤᠳᠠᠯ᠃       2᠂ ᠬᠠᠤᠯᠢ ᠲᠣᠭᠲᠠᠭᠠᠯ   ᠠᠴᠠ ᠵᠥᠷᠢᠴᠡᠨ ᠬᠠᠤᠯᠢ ᠪᠤᠰᠤ ᠪᠠᠷ ᠣᠶ ᠰᠢᠭᠤᠢ ᠡᠪᠡᠰᠦᠲᠦ ᠭᠠᠵᠠᠷ ᠢ ᠬᠠᠭᠠᠯᠪᠤᠷᠢᠯᠠᠭᠰᠠᠨ ᠠᠰᠠᠭᠤᠳᠠᠯ᠃       3᠂ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠣᠶ ᠰᠢᠭᠤᠢ ᠡᠪᠡᠰᠦᠲᠦ ᠭᠠᠵᠠᠷ ᠢ ᠬᠡᠷᠡᠭᠯᠡᠬᠦ ᠭᠠᠷᠳᠠᠮ ᠢ ᠭᠦᠢᠴᠡᠳᠬᠡᠭᠰᠡᠨ᠂ ᠬᠤᠭᠤᠴᠠᠭ᠎ᠠ ᠬᠡᠳᠦᠷᠦᠭᠰᠡᠨ ᠪᠠᠶᠢᠳᠠᠯ᠎ᠠ ᠥᠯᠥ ᠪᠤᠴᠠᠭᠠᠭᠰᠠᠨ ᠠᠰᠠᠭᠤᠳᠠᠯ᠃      4᠂ ᠬᠠᠣᠯᠢ ᠲᠣᠭᠲᠠᠭᠠᠯ ᠢ ᠵᠥᠷᠢᠴᠡᠨ  ᠤᠢ ᠮᠣᠳᠣ ᠶᠢ ᠣᠭᠲᠣᠯᠣᠭᠰᠠᠨ ᠵᠢᠴᠢ ᠮᠣᠳᠣ ᠣᠭᠲᠣᠯᠣᠭᠰᠠᠨ ᠭᠠᠵᠠᠷ ᠢ ᠴᠠᠭ ᠲᠤᠬᠠᠢ ᠳᠤᠨᠢ ᠰᠢᠨᠡᠳᠬᠡᠨ ᠣᠶᠢᠵᠢᠭᠤᠯᠤᠭᠰᠠᠨ ᠦᠭᠡᠢ ᠠᠰᠠᠭᠤᠳᠠᠯ᠃        5᠂ ᠨᠤᠲᠤᠭ ᠪᠡᠯᠴᠢᠭᠡᠷ ᠣᠶᠢᠲᠤ ᠭᠠᠵᠠᠷ ᠢ ᠳᠤᠷ᠎ᠠ ᠲᠠᠪᠠ ᠪᠠᠷ ᠢᠶᠠᠨ ᠪᠣᠬᠢᠷᠲᠤᠭᠤᠯᠵᠤ ᠪᠠᠶᠢᠭ᠎ᠠ ᠠᠰᠠᠭᠤᠳᠠᠯ᠃        ᠬᠤᠶᠠᠷ᠂ ᠢᠯᠡᠴᠢᠯᠡᠨ ᠵᠠᠭᠠᠯᠳᠤᠬᠤ ᠠᠷᠭ᠎ᠠ ᠵᠠᠮ     ︵ᠨᠢᠭᠡ︶ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠯᠪᠠᠨ ᠭᠡᠷ       ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ᠄ 0479-8108986       ᠬᠦᠯᠢᠶᠡᠨ ᠠᠪᠴᠣ ᠰᠢᠢᠳᠪᠦᠷᠢᠯᠡᠬᠦ ᠴᠠᠭ᠄       ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 ︱ 12᠄ 00       ᠦᠳᠡ ᠶᠢᠨ ᠬᠤᠶᠢᠨ᠎ᠠ 14᠄ 30 ︱ 17᠄ 30       ᠢᠯᠡᠴᠢᠯᠡᠨ ᠮᠡᠳᠡᠭᠦᠯᠬᠦ ᠰᠢᠣᠳᠠᠨ ᠬᠠᠶ᠋ᠢᠭ᠄ xszjjzfg@163.com
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号