ᠬᠢᠩᠭᠠᠨ ᠱᠦᠵᠢ ᠮᠠᠯᠵᠢᠬᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯᠳᠠᠯᠭ᠎ᠠ ᠲᠠᠢ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/29
     8 ᠳ᠋ᠤᠭᠠᠷ ᠰᠠᠷ᠎ᠠ ᠶᠢᠨ 27᠎ ᠤ ᠡᠳᠦᠷ ᠠᠴᠠ 28᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠬᠢᠩᠭᠠᠨ ᠰᠢᠯᠢ ᠶᠢᠨ ᠬᠤᠲᠠ ᠶᠢᠨ ᠪᠤᠯᠠᠭᠠᠨ ᠰᠤᠮᠤ᠂ ᠪᠠᠶᠠᠨᠪᠤᠯᠠᠭ ᠰᠤᠮᠤ᠂  ᠴᠣᠬᠠᠠᠭᠤᠯᠠ ᠰᠤᠮᠤ ᠪᠣᠯᠤᠨ ᠷᠠᠰᠢᠶᠠᠨᠪᠣᠯᠠᠭ ᠪᠠᠯᠭᠠᠰᠤᠨ ᠳᠤ ᠭᠦᠨᠵᠡᠭᠡᠶᠢᠷᠡᠨ ᠮᠠᠯᠵᠢᠬᠤ ᠣᠷᠣᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠬᠢᠩᠭᠠᠨ ᠵᠡᠷᠭᠡ ᠬᠥᠮᠦᠰ ᠤᠷᠢᠳ ᠬᠤᠵᠢᠳ ᠪᠤᠯᠠᠭᠠᠨ ᠰᠣᠮᠣ᠂ ᠪᠤᠯᠠᠭᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠯᠵᠡᠶᠢᠳᠡᠯᠭᠡᠷ ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂  ᠬᠠᠨᠢᠠᠠᠭᠤᠯᠠ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠷᠠᠳᠠᠯ᠎ᠠ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠪᠠᠶᠠᠨᠪᠤᠯᠠᠭ ᠰᠤᠮᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠭᠤᠷᠢᠨ᠂ ᠨᠠᠷᠠᠨᠪᠤᠯᠠᠭ ᠭᠠᠴᠠᠭ᠎ᠠ᠂  ᠷᠠᠰᠢᠶᠠᠨᠪᠣᠯᠠᠭ ᠪᠠᠯᠭᠠᠰᠤ ᠶᠢᠨ ᠪᠠᠯᠪᠠᠴᠢ ᠎ ᠶᠢᠨ ᠷᠠᠰᠢᠶᠠᠨ᠂  ᠴᠣᠬᠠᠠᠭᠤᠯᠠ ᠰᠤᠮᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠭᠤᠷᠢᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠵᠡᠷᠭᠡ ᠭᠠᠵᠠᠷ ᠲᠤ ᠬᠦᠷᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠂ ᠨᠡᠶᠢᠭᠡᠮᠴᠢᠯᠡᠭᠰᠡᠨ ᠦᠢᠯᠡᠴᠢᠯᠡᠭᠡ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠬᠢᠩᠭᠠᠨ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠬᠦᠴᠦᠯᠡᠨ ᠴᠢᠩᠭᠠᠳᠬᠠᠵᠤ᠂ ᠡᠬᠢ ᠪᠠᠶᠠᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠮᠠᠯᠴᠢᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠨᠠᠩ ᠰᠠᠶᠢᠲᠤᠷ ᠳᠠᠶᠢᠴᠢᠯᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠳᠤ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠵᠠᠮ ᠢ ᠰᠠᠶᠢᠲᠤᠷ ᠰᠦᠪᠡᠭᠴᠢᠯᠡᠵᠦ᠂ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠪᠤᠶᠢᠵᠢᠭᠤᠯᠤᠨ ᠲᠠᠷᠭᠤᠯᠠᠭᠤᠯᠬᠤ᠂ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠠᠯᠠᠰᠢᠨ ᠦᠬᠡᠷ ᠤᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳᠤᠪᠤᠶᠢᠯᠭᠠᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠡᠪ ᠵᠠᠭᠪᠤᠷ ᠪᠠ ᠦᠢᠯᠡᠴᠢᠯᠡᠭᠡᠨ ᠤ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠮᠠᠯ ᠠᠵᠤ ᠠᠬᠤᠶ ᠮᠠᠯ ᠡᠮᠨᠡᠯᠭᠡ᠂ ᠮᠠᠯ ᠤᠨᠤᠭ᠎ᠠ ᠶᠢ ᠰᠠᠶᠢᠵᠢᠷᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠶᠢᠨ ᠲᠣᠭᠤᠷᠢᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠲᠦᠮᠡᠨ ᠳᠤ ᠠᠰᠢᠭ ᠬᠦᠷᠲᠡᠭᠡᠵᠦ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠦᠢᠯᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃      ᠬᠢᠩᠭᠠᠨ ᠪᠠᠰᠠ ᠮᠠᠯᠴᠢᠨ ᠠᠶᠢᠯ ᠳᠤ ᠬᠦᠷᠴᠦ᠂ ᠮᠠᠯᠴᠢᠳ ᠤᠨ ᠣᠳᠣᠬᠠᠨ ᠤ ᠦᠢᠯᠡᠳᠪᠦᠷᠢᠯᠡᠯ ᠠᠮᠢᠳᠤᠷᠠᠯ᠂ ᠮᠠᠯ ᠠᠵᠤ ᠠᠬᠤᠢ ᠶᠢᠨ ᠠᠭᠤᠰᠤᠯᠴᠠᠯ᠂ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠶᠢᠨ ᠨᠥᠭᠡᠴᠡ ᠵᠡᠷᠭᠡ ᠪᠠᠶᠢᠳᠠᠯ ᠢ ᠣᠶᠢᠯᠠᠭᠠᠪᠠ᠃ ᠡᠨᠡ ᠬᠤᠭᠤᠴᠠᠭᠠᠨ ᠳᠤ᠂ ᠬᠢᠩᠭᠠᠨ ᠪᠠᠰᠠ ᠥᠭᠶᠣᠳᠣ ᠶᠢᠨ ᠭᠤᠣᠯ ᠳᠤ ᠢᠷᠡᠵᠤ ᠭᠤᠣᠯ ᠴᠠᠭᠳᠠᠬᠤ ᠠᠵᠢᠯ  ᠎ ᠢ ᠦᠷᠨᠢᠭᠦᠯᠪᠡ᠃ ᠬᠤᠲᠠ ᠶᠢᠨ ᠤᠳᠤᠷᠢᠳᠤᠯᠭ᠎ᠠ ᠭᠦᠸᠧ ᠵᠢᠩ ᠵᠢᠣᠸᠠᠨ᠂ ᠶᠠᠩ ᠯᠢ ᠬᠤᠩ᠂  ᠲᠣᠯᠭᠠᠭᠤᠷᠢ ᠬᠠᠮᠲᠤ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号