ᠷᠠᠰᠢᠶᠠᠨᠪᠣᠯᠠᠭ ᠪᠠᠯᠭᠠᠰᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠠᠷ ᠲᠣᠭᠤᠷᠢᠨ ᠦᠵᠡᠵᠦ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/8/29
     ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠷᠠᠰᠢᠶᠠᠨᠪᠣᠯᠠᠭ ᠪᠠᠯᠭᠠᠰᠤ ᠶᠢᠨ ᠬᠢᠨ ᠲᠣᠭᠤᠷᠢᠨ ᠦᠵᠡᠵᠦ ᠰᠤᠷᠤᠯᠴᠠᠬᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠦᠯᠬᠦᠮᠳᠡᠯ ᠲᠡᠮᠡᠴᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃      ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠦᠯᠬᠦᠮᠳᠡᠯ ᠲᠡᠮᠡᠴᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠬᠤ ᠶᠢ 2014 ᠣᠨ ᠤ 1 ᠰᠠᠷ᠎ᠠ ᠶᠢᠨ 27  ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠤᠯᠠᠭᠠᠨ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠳᠤ ᠣᠷᠣᠯᠴᠠᠭᠰᠠᠨ ᠭᠠᠵᠠᠷ ᠲᠤ ᠪᠠᠶᠢᠭᠤᠯᠤᠭᠰᠠᠨ ᠶᠤᠮ᠃ ᠪᠠᠯᠭᠠᠰᠤᠨ ᠤ ᠺᠠᠳ᠋ᠷ ᠠᠵᠢᠯᠲᠠᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ︽ᠲᠤᠭ ᠡᠷᠭᠦᠨ ᠴᠢᠭᠯᠡᠯ ᠲᠣᠭᠲᠠᠭᠠᠬᠤ ᠦᠵᠡᠯ ᠰᠠᠨᠠᠭᠠᠨ ᠤ ᠵᠢᠯᠣᠭᠤᠳᠤᠮᠵᠢ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠠᠬ᠎ᠠ ᠳᠡᠭᠦᠦ ᠪᠠᠷ ᠢᠶᠠᠨ ᠬᠠᠷᠢᠯᠴᠠᠨ ᠳᠣᠲᠣᠨᠣᠴᠢᠯᠠᠨ᠎ᠠ︾ ︽ᠬᠥᠲᠥᠯᠪᠦᠷᠢ ᠶᠢ ᠠᠳᠬᠤᠨ ᠠᠯᠢᠪᠠ ᠪᠦᠬᠦᠨ ᠰᠡᠳᠬᠢᠯ ᠨᠢᠭᠡᠳᠦᠨ ᠬᠦᠰᠡᠯ ᠵᠡᠭᠦᠳᠦ ᠪᠠᠨ ᠴᠣᠭᠴᠠᠯᠠᠶ᠎ᠠ︾ ᠭᠡᠬᠦ ᠭᠤᠣᠯ ᠰᠡᠳᠦᠪᠲᠦ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠪᠡ᠃ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ  ᠢ ᠳᠤᠯᠠᠭᠠᠴᠠᠭᠤᠯᠤᠭᠰᠠᠨ ᠦᠭᠡ ᠶᠠᠷᠢᠶ᠎ᠠ ᠶᠢ ᠲᠠᠬᠢᠨ ᠡᠷᠭᠢᠴᠡᠭᠦᠯᠵᠦ᠂ ᠶᠡᠷᠦᠩᠬᠡᠢ ᠱᠦᠵᠢ ᠰᠢ ᠶᠢᠨ ᠫᠢᠩ   ᠤᠨ ᠦᠨᠳᠦᠰᠦᠲᠡᠨ ᠤ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃      ᠲᠤᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠪᠦᠬᠦ ᠪᠠᠯᠭᠠᠰᠤᠨ ᠤ ᠺᠠᠳ᠋ᠷ ᠠᠵᠢᠯᠲᠠᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠢ ᠦᠵᠡᠯ ᠲᠠᠨᠢᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠡᠭᠦᠨ ᠤ ᠵᠡᠷᠭᠡ ᠳᠤ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ   ᠢ ᠪᠠᠲᠤ ᠪᠤᠶ ᠪᠣᠯᠭᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠴᠢᠩᠭᠠᠷᠠᠭᠤᠯᠵᠤ᠂ ︽ᠨᠠᠮ ᠤᠨ ᠠᠴᠢ   ᠶᠢ ᠣᠶᠢᠯᠠᠭᠠᠵᠤ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠬᠦᠰᠡᠯ ᠨᠠᠶᠢᠳᠠᠯᠭ᠎ᠠ   ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠰᠤᠷᠤᠯᠴᠠᠯᠭ᠎ᠠ   ᠶᠢᠨ ᠦᠷ᠎ᠡ ᠪᠦᠲᠦᠭᠡᠯ   ᠢᠶᠠᠨ ᠡᠯ᠎ᠡ ᠵᠦᠢᠯ ᠤᠨ ᠠᠵᠢᠯ   ᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠭᠡᠵᠦ ᠣᠯᠠᠨ ᠢᠶᠠᠷ   ᠢᠶᠠᠨ ᠢᠯᠡᠷᠬᠡᠶᠢᠯᠡᠵᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号