ᠪᠠᠶᠠᠨᠪᠤᠯᠠᠭ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠠᠴᠠ ᠬᠤᠲᠠ ᠶᠢᠨ ᠡᠮ ᠡᠮᠨᠡᠯᠭᠡ ᠶᠢᠨ ᠳᠤᠪᠴᠢᠶ᠎ᠠ ᠲᠠᠢ ᠬᠠᠮᠲᠤᠷᠠᠨ ᠬᠦᠨᠳᠦ ᠡᠪᠡᠳᠴᠢᠨ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠬᠦ ᠮᠡᠳᠡᠯᠭᠡ ᠎ ᠶᠢ ᠲᠦᠭᠡᠮᠡᠯᠵᠢᠭᠦᠯᠬᠦ  ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/10
     ᠬᠠᠷᠢᠶ᠎ᠠ ᠣᠷᠣᠨ ᠤ ᠮᠠᠯᠴᠢᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠡᠪᠡᠳᠴᠢᠨ ᠤᠳᠠᠭᠠᠨ ᠴᠢᠨᠠᠷᠲᠠᠢ ᠡᠪᠡᠳᠴᠢᠨ ᠢ ᠲᠤᠰᠠᠲᠠᠢ ᠰᠡᠷᠭᠡᠶᠢᠯᠡᠨ ᠡᠵᠡᠮᠳᠡᠵᠦ᠂ ᠠᠵᠢᠯᠴᠢᠨ ᠠᠵᠢᠯᠲᠠᠨ ᠤ ᠠᠵᠢᠯ ᠎ ᠤᠨ ᠴᠢᠳᠠᠪᠤᠷᠢ ᠶᠢ  ᠳᠡᠭᠡᠭᠰᠢᠯᠡᠭᠦᠯᠬᠦ  ᠶᠢᠨ ᠲᠥᠯᠥᠭᠡ ᠪᠠᠶᠠᠨᠪᠤᠯᠠᠭ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠠᠴᠠ ᠬᠤᠲᠠ ᠶᠢᠨ ᠡᠮ ᠡᠮᠨᠡᠯᠭᠡ ᠶᠢᠨ  ᠳᠤᠪᠴᠢᠶ᠎ᠠ ᠲᠠᠢ ᠬᠠᠮᠲᠤᠷᠠᠨ ᠬᠦᠨᠳᠦ ᠡᠪᠡᠳᠴᠢᠨ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ  ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠬᠤᠷᠠᠯ ᠬᠢᠪᠡ᠃      ᠰᠤᠮᠤᠨ ᠤ ᠬᠤᠪᠢᠳᠠᠭᠰᠠᠨ ᠤᠳᠤᠷᠢᠳᠤᠯᠭ᠎ᠠ᠂ ᠭᠠᠴᠠᠭᠠᠨ ᠤ ᠱᠦᠵᠢ᠂ ᠨᠢᠭᠡᠳᠦᠭᠡᠷ ᠱᠦᠵᠢ ᠂  ᠭᠠᠴᠠᠭᠠᠨ ᠤ ᠠᠵᠢᠯ ᠤᠨ ᠳᠤᠭᠤᠶᠢᠯᠠᠩ ᠪᠣᠯᠣᠨ ᠬᠠᠮᠢᠶ᠎ᠠ ᠪᠦᠬᠦᠢ ᠠᠵᠢᠯᠲᠠᠳ ᠣᠷᠣᠯᠴᠠᠪᠠ᠃      ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠵᠤᠤ ᠭᠤᠸᠠᠩ ᠬᠤᠩ ᠡᠮᠴᠢ ᠠᠴᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠲᠢᠳᠢᠮ ᠵᠢᠷᠦᠬᠡᠨ ᠤ  ᠡᠪᠡᠳᠴᠢᠨ ᠵᠡᠷᠭᠡ ᠦᠷᠭᠦᠯᠵᠢ ᠲᠣᠬᠢᠶᠠᠯᠳᠤᠳᠠᠭ ᠬᠦᠨᠳᠦ ᠡᠪᠡᠳᠴᠢᠨ᠂ ᠤᠳᠠᠭᠠᠨ ᠴᠢᠨᠠᠷᠲᠠᠢ  ᠡᠪᠡᠳᠴᠢᠨ  ᠤ ᠣᠨᠣᠰᠢᠯᠠᠯᠲᠠ ᠶᠢᠨ ᠪᠠᠷᠢᠮᠵᠢᠶ᠎ᠠ ᠂ ᠡᠪᠡᠳᠴᠢᠨ ᠡᠭᠦᠰᠬᠦ ᠠᠵᠢᠯᠯᠠᠭ᠎ᠠ᠂ ᠡᠮᠴᠢᠯᠡᠭᠡᠨ ᠤ ᠢᠯᠡᠷᠡᠯ ᠂ ᠰᠡᠷᠭᠡᠶᠢᠯᠡᠨ ᠵᠠᠰᠠᠬᠤ ᠠᠵᠢᠯ᠂ ᠡᠮ ᠬᠡᠷᠡᠭᠯᠡᠬᠦ ᠳᠤ ᠠᠩᠬᠠᠷᠬᠤ ᠵᠦᠢᠯ ᠵᠡᠷᠭᠡ ᠠᠭᠤᠯᠭ᠎ᠠ ᠶᠢᠨ ᠲᠤᠬᠠᠢ ᠲᠡᠷᠭᠡᠳᠡᠬᠢ ᠵᠢᠱᠢᠶ᠎ᠡ ᠲᠠᠢ ᠪᠠᠨ ᠤᠶᠠᠯᠳᠤᠭᠤᠯᠤᠨ  ᠨᠠᠷᠢᠯᠢᠭ ᠲᠠᠨᠢᠯᠴᠠᠭᠤᠯᠪᠠ᠃      ᠬᠤᠲᠠ ᠶᠢᠨ ᠡᠮ ᠡᠮᠨᠡᠯᠭᠡ ᠶᠢᠨ ᠲᠣᠪᠴᠢᠶᠠᠨ ᠤ ᠠᠮᠤᠭᠤᠯᠠᠩ ᠠᠴᠠ ᠡᠮ ᠡᠮᠨᠡᠯᠭᠡ ᠶᠢᠨ ᠬᠦᠷᠢᠶᠡᠨ ᠤ ᠬᠠᠮᠤᠭ ᠰᠢᠨ᠎ᠡ ᠲᠥᠷᠥ ᠶᠢᠨ ᠪᠣᠳᠣᠯᠭ᠎ᠠ᠂ ᠬᠦᠨᠳᠦ ᠡᠪᠡᠳᠴᠢᠨ ᠤᠳᠠᠭᠠᠨ ᠴᠢᠨᠠᠷᠲᠠᠢ  ᠡᠪᠡᠳᠴᠢᠨ ᠢ ᠡᠷᠡᠮᠡᠯᠵᠡᠯᠡᠬᠦ ᠶᠠᠪᠤᠴᠠ᠂ ᠰᠢᠯᠢ  ᠶᠢᠨ ᠭᠤᠣᠯ ᠠᠶᠢᠮᠠᠭ ᠤᠨ  ᠦᠨᠳᠦᠰᠦᠨ  ᠡᠮ ᠡᠮᠨᠡᠯᠭᠡ ᠶᠢᠨ ᠳᠠᠭᠠᠳᠬᠠᠯ᠂ ᠡᠭᠦᠳᠡᠨ ᠡᠮᠨᠡᠯᠭᠡ ᠶᠢᠨ ᠤᠳᠠᠭᠠᠨ  ᠴᠢᠨᠠᠷᠲᠠᠢ  ᠡᠪᠡᠳᠴᠢᠨ᠂  ᠬᠢᠵᠠᠭᠠᠷᠯᠠᠬᠤ ᠬᠡᠮᠵᠢᠶ᠎ᠡ  ᠵᠢᠴᠢ ᠬᠦᠨᠳᠦ ᠡᠪᠡᠳᠴᠢᠨ ᠢ ᠮᠡᠳᠡᠭᠦᠯᠬᠦ  ᠳᠤ  ᠠᠩᠬᠠᠷᠬᠤ ᠵᠦᠢᠯ ᠵᠡᠷᠭᠡ ᠎ ᠶᠢ ᠲᠠᠶᠢᠯᠪᠤᠷᠢᠯᠠᠪᠠ᠃ ᠬᠤᠷᠠᠯ ᠳᠠᠭᠤᠰᠤᠭᠰᠠᠨ ᠤ ᠳᠠᠷᠠᠭ᠎ᠠ᠂  ᠮᠠᠯᠴᠢᠨ ᠡᠷᠦᠬᠡ ᠳᠤ ᠬᠦᠷᠴᠦ ᠮᠠᠯᠴᠢᠳ ᠲᠦᠮᠡᠨ ᠳᠤ ᠬᠦᠨᠳᠦ ᠡᠪᠡᠳᠴᠢᠨ ᠤᠳᠠᠭᠠᠨ ᠴᠢᠨᠠᠷᠲᠠᠢ ᠡᠪᠡᠳᠴᠢᠨ  ᠤ ᠲᠤᠬᠠᠢ᠂ ᠳᠠᠩᠰᠠ ᠴᠠᠶᠢᠷᠠᠭᠤᠯᠬᠤ ᠶᠠᠪᠤᠴᠠ ᠵᠢᠴᠢ ᠠᠩᠬᠠᠷᠬᠤ ᠴᠢᠬᠤᠯᠠᠲᠠᠢ ᠵᠦᠢᠯ  ᠢ ᠲᠠᠶᠢᠯᠪᠤᠷᠢᠯᠠᠨ᠂  ᠮᠠᠯᠴᠢᠳ ᠤᠨ  ᠣᠶᠢᠯᠠᠭᠠᠬᠤ ᠦᠭᠡᠢ  ᠵᠦᠢᠯ  ᠪᠠ ᠪᠣᠳᠠᠲᠠᠢ ᠪᠠᠶᠢᠳᠠᠯ ᠢ ᠨᠠᠷᠢᠨ ᠣᠶᠢᠯᠠᠭᠠᠵᠤ᠂ ᠪᠠᠶᠢᠳᠠᠯ ᠳᠤᠨᠢ ᠲᠣᠬᠢᠷᠠᠭᠰᠠᠨ ᠦᠢᠯᠡᠴᠢᠯᠡᠭᠡ ᠬᠠᠩᠭᠠᠨ᠂ ᠤᠬᠠᠭᠤᠯᠭ᠎ᠠ ᠶᠢᠨ ᠬᠠᠭᠤᠳᠠᠰᠤ ᠶᠢ 15 ᠬᠤᠪᠢ ᠲᠠᠷᠬᠠᠭᠠᠪᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠠᠵᠢᠯᠲᠠᠳ ᠠᠴᠠ ᠬᠦᠨᠳᠦ ᠡᠪᠡᠳᠴᠢᠨ ᠤᠳᠠᠭᠠᠨ ᠴᠢᠨᠠᠷᠲᠠᠢ  ᠡᠪᠡᠳᠴᠢᠨ ᠢ ᠰᠡᠷᠭᠡᠶᠢᠯᠡᠬᠦ ᠮᠡᠳᠡᠯᠭᠡ  ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠎ ᠶᠢᠨ ᠲᠤᠬᠠᠢ  ᠨᠡᠩ ᠰᠠᠶᠢᠨ ᠣᠶᠢᠯᠠᠭᠠᠨ᠂ ᠮᠠᠯᠴᠢᠨ ᠲᠦᠮᠡᠨ  ᠎ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠲᠤᠬᠠᠢ ᠮᠡᠳᠡᠯᠭᠡ ᠪᠠ ᠣᠶᠢᠯᠠᠭᠠᠯᠲᠠ ᠶᠢ ᠭᠦᠨᠵᠡᠭᠡᠢ ᠪᠣᠯᠭᠠᠪᠠ᠃ ᠪᠠᠶᠠᠨᠪᠤᠯᠠᠭ ᠰᠤᠮᠤᠨ ᠠᠴᠠ ᠲᠣᠰ ᠤᠳᠠᠭᠠᠨ ᠎ ᠤ ᠬᠥᠳᠡᠯᠭᠡᠭᠡᠨ ᠢᠶᠠᠷ  ᠳᠠᠮᠵᠢᠨ᠂ ᠸᠢᠴᠠᠲ ᠳᠠᠪᠴᠠᠩ᠂ ᠸᠢᠴᠠᠲ  ᠠᠵᠢᠯ ᠤᠨ ᠬᠤᠯᠪᠣᠭ᠎ᠠ ᠵᠡᠷᠭᠡ ᠵᠠᠭᠤᠴᠢ ᠶᠢ ᠬᠡᠷᠡᠭᠯᠡᠨ ᠤᠬᠠᠭᠤᠯᠬᠤ ᠵᠠᠮ ᠢᠶᠠᠨ ᠥᠷᠭᠡᠳᠬᠡᠨ᠂ ᠡᠷᠡᠭᠦᠯ ᠮᠡᠨᠳᠦ ᠶᠢᠨ ᠲᠤᠬᠠᠢ ᠲᠠᠶᠢᠯᠪᠤᠷᠢᠯᠠᠬᠤ  ᠬᠤᠷᠠᠯ ᠢ ᠪᠠᠶᠢᠩᠭᠤᠵᠢᠭᠤᠯᠤᠨ᠂ ᠨᠡᠩ ᠰᠠᠶᠢᠨ ᠠᠷᠠᠳ ᠲᠦᠮᠡᠨ ᠎ ᠳᠤ ᠦᠢᠯᠡᠴᠢᠯᠡᠬᠦ  ᠪᠠᠷ  ᠴᠢᠷᠮᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号