ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠪᠥᠸᠧ ᠳᠠᠳᠤᠯᠭ᠎ᠠ ᠶᠢᠨ ᠰᠤᠷᠪᠤᠯᠵᠢᠯᠠᠭᠴᠢ ᠵᠠᠩ ᠽᠢ ᠸᠧᠨ | ᠵᠠᠩ ᠰᠢ ᠯᠢᠨ︶ ᠥᠷᠯᠥᠭᠡ ᠡᠷᠲᠡ ᠶᠢᠨ ᠡᠷᠢᠶᠡᠨ ᠬᠤᠳᠠ ᠳᠤ᠂ ᠨᠠᠮᠢᠷᠠᠭ᠎ᠠ ᠪᠣᠷᠣᠭᠠᠨ ᠰᠢᠪᠡᠷᠡᠵᠦ᠂ ᠨᠠᠮᠤᠷ ᠤᠨ ᠠᠭᠤᠷ | ᠠᠮᠢᠰᠬᠤᠯ ᠢᠶᠠᠷ ᠪᠢᠯᠬᠠᠨ᠎ᠠ᠂ ᠡᠷᠢᠶᠡᠨ ᠬᠤᠳᠠ ᠶᠢᠨ ᠮᠦᠽᠧᠢ ᠶᠢᠨ ᠭᠠᠳᠠᠨᠠᠬᠢ ᠲᠡᠷᠭᠡᠨ ᠵᠣᠭᠰᠣᠭᠠᠯ ᠳᠤ᠂ ᠪᠦᠬᠦ ᠤᠯᠤᠰ ᠤᠨ | ᠡᠯ᠎ᠡ ᠭᠠᠵᠠᠷ ᠠᠴᠠ ᠢᠷᠡᠭᠰᠡᠨ ᠦᠪᠡᠷ ᠢᠶᠠᠨ ᠮᠠᠰᠢᠨ ᠪᠠᠷᠢᠵᠦ ᠵᠢᠭᠤᠯᠴᠢᠯᠠᠬᠰᠡᠳ ᠲᠦᠷ ᠵᠠᠭᠤᠷ᠎ᠠ ᠠᠮᠤᠰᠬᠢᠵᠦ ᠪᠠᠶᠢᠯ᠎ᠠ᠃ | ᠰᠧᠴᠤᠸᠠᠨ ᠮᠤᠵᠢ ᠢᠢᠨ ᠮᠢᠶᠠᠨᠶᠠᠩ ᠬᠤᠲᠠ ᠠᠴᠠ ᠠᠳᠡ ᠵᠢᠭᠤᠯᠴᠢᠯᠠᠬᠤ ᠪᠠᠷ ᠢᠷᠡᠭᠰᠡᠨ ᠰᠢᠶᠤ ᠠᠪᠤᠭᠠᠢ ᠭᠡᠷᠲᠦ | ᠲᠡᠷᠭᠡᠨ ᠤ ᠪᠠᠨ ᠭᠠᠳᠠᠨ᠎ᠠ ᠥᠷᠯᠥᠭᠡ ᠶᠢᠨ ᠬᠤᠭᠤᠯᠠ ᠪᠠᠨ ᠪᠡᠯᠡᠳᠬᠡᠬᠦ ᠶᠢᠨ ᠳᠠᠭᠠᠦ ᠰᠤᠷᠪᠤᠯᠵᠢᠯᠠᠭᠴᠢ ᠳᠤ᠄ ︽ᠪᠢ | ᠬᠥᠭᠰᠢᠨ ᠲᠠᠢ ᠪᠠᠨ ᠡᠷᠢᠶᠡᠨ ᠬᠤᠲᠠ ᠳᠤ ᠨᠢᠭᠡᠨᠲᠡ 3 ᠡᠳᠦᠷ ᠨᠠᠭᠠᠳᠴᠠᠢ᠂ ᠡᠭᠦᠨ ᠠᠴᠠ ᠡᠮᠦᠨ᠎ᠡ ᠤᠯᠤᠰ ᠤᠨ ᠡᠭᠦᠳᠡᠨ ᠤ | ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠳᠤ 2 ᠡᠳᠦᠷ ᠠᠮᠠᠷᠠᠬᠰᠠᠨ ᠶᠤᠮ᠂ ᠥᠨᠥᠳᠥᠷ ᠪᠣᠷᠣᠭᠠᠨ ᠣᠷᠣᠬᠰᠠᠨ ᠠᠴᠠ | ᠠᠳᠡ ᠬᠦᠷᠴᠦ ᠢᠷᠡᠯ᠎ᠠ᠂ ᠠᠳᠡᠬᠢ ᠠᠭᠤᠷ ᠠᠮᠢᠰᠬᠤᠯ᠂ ᠣᠷᠴᠢᠨ ᠲᠣᠭᠤᠷᠢᠨ ᠤ ᠦᠡᠭᠭᠡ ᠦᠵᠡᠮᠵᠢ ᠭᠤᠶᠢᠳᠠ ᠰᠠᠶᠢᠬᠠᠨ | ᠪᠠᠶᠢᠵᠦ᠂ ᠬᠥᠮᠥᠨ ᠠᠷᠠᠳ ᠨᠢ ᠴᠦ ᠶᠡᠭᠡ ᠲᠤᠲᠤᠨᠤᠰᠤᠭ᠂ ᠲᠠᠯ᠎ᠠ ᠨᠤᠲᠤᠭ ᠤᠨ ᠭᠦᠨ ᠵᠤᠵᠠᠭᠠᠨ ᠵᠠᠩ ᠦᠢᠯᠡ ᠶᠢ | ᠮᠡᠳᠡᠷᠡᠯ᠎ᠠ︾ ᠭᠡᠵᠦ ᠡᠨᠡ ᠤᠳᠠᠭ᠎ᠠ ᠶᠢᠨ ᠠᠶᠠᠯᠠᠯ ᠤᠨ ᠲᠤᠬᠠᠢ ᠲᠦᠷᠦᠭᠳᠡᠯ ᠢᠶᠠᠨ ᠬᠤᠪᠢᠶᠠᠯᠴᠠᠨ᠎ᠠ᠃ | ᠡᠷᠢᠶᠡᠨ ᠬᠤᠳᠠ ᠶᠢᠨ ᠮᠦᠽᠧᠢ ᠪᠠᠷ ᠵᠢᠭᠤᠯᠴᠢᠯᠠᠨ ᠲᠤᠭᠤᠷᠢᠬᠤ ᠳᠤ᠂ ᠬᠡᠯᠪᠡᠷᠢ ᠳᠦᠷᠰᠦ ᠨᠢ ᠤᠯᠠᠨ ᠶᠠᠩᠵᠦ ᠶᠢᠨ | ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ᠂ ᠠᠪᠤᠷᠭᠤ ᠭᠦᠷᠪᠡᠯ ᠤᠨ ᠠᠷᠤᠭ ᠶᠠᠰᠤᠨ ᠤ ᠴᠢᠮᠡᠭᠯᠡᠯ ᠵᠡᠷᠭᠡ ᠨᠢ ᠳᠤᠮᠳᠠᠳᠤ | ᠭᠠᠳᠠᠭᠠᠳᠤ ᠶᠢᠨ ᠵᠢᠭᠤᠯᠴᠢᠯᠠᠬᠰᠡᠳ ᠢ ᠠᠪᠤᠷᠭᠤ ᠭᠦᠷᠪᠡᠯ ᠤᠨ ᠴᠠᠭ ᠦᠶ᠎ᠡ ᠳᠤ ᠬᠦᠷᠦᠭᠰᠡᠨ ᠮᠡᠲᠦ ᠰᠠᠨᠠᠭᠳᠠᠭᠤᠯᠤᠨ᠎ᠠ᠃ ︽ | ᠨᠢᠳᠤᠨᠤᠨ ᠤ ᠬᠢ ᠲᠠᠢ ᠬᠠᠷᠢᠴᠠᠭᠤᠯᠪᠠᠯ᠂ ᠡᠨᠡ ᠵᠢᠯ ᠤᠨ ᠵᠢᠭᠤᠯᠴᠢᠯᠠᠬᠰᠡᠳ ᠤᠨ ᠲᠤᠭ᠎ᠠ ᠶᠡᠬᠡᠪᠡᠷ ᠨᠡᠮᠡᠭᠳᠡᠵᠦ᠂ ᠵᠤᠨ ᠤ | ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠬᠰᠡᠳ ᠨᠡᠩ ᠤᠯᠠᠨ ᠪᠠᠶᠢᠵᠦ᠂ 7᠂ 8 ᠰᠠᠷ᠎ᠠ ᠳᠤ 7 ᠲᠦᠮᠡ ᠭᠠᠷᠤᠢ | ᠬᠥᠮᠥᠨ ᠤᠳᠠᠭ᠎ᠠ ᠶᠢᠨ ᠵᠢᠭᠤᠯᠴᠢᠯᠠᠬᠰᠡᠳ ᠢ ᠬᠦᠯᠢᠶᠡᠨ ᠵᠤᠴᠢᠯᠠᠵᠦ᠂ ᠨᠢᠭᠡ ᠡᠳᠦᠷ ᠤᠨ ᠵᠢᠭᠤᠯᠴᠢᠯᠠᠬᠰᠡᠳ ᠢ ᠬᠦᠯᠢᠶᠡᠨ | ᠵᠤᠴᠢᠯᠠᠬᠰᠠᠨ ᠬᠡᠮᠵᠢᠶ᠎ᠡ ᠬᠠᠮᠤᠭ ᠤᠨ ᠥᠨᠳᠥᠷ ᠲᠡᠭᠡᠨ 3000 ᠬᠥᠮᠥᠨ ᠤᠳᠠᠭ᠎ᠠ ᠠᠴᠠ ᠳᠡᠭᠡᠭᠰᠢ ᠪᠣᠯᠪᠠ︾ ᠭᠡᠵᠦ ᠡᠷᠢᠶᠡᠨ | ᠬᠤᠳᠠ ᠶᠢᠨ ᠮᠦᠽᠧᠢ ᠶᠢᠨ ᠠᠵᠢᠯᠲᠠᠨ ᠨᠠᠨᠳᠢᠨ ᠬᠡᠯᠡᠨ᠎ᠠ᠃ | ᠠᠳᠡ ᠠᠴᠠ ᠳᠡᠮᠡᠢ ᠬᠤᠯᠠ ᠦᠭᠡᠢ ᠪᠠᠶᠢᠷᠢᠯᠠᠭ᠎ᠠ ᠥᠪᠥᠷ ᠮᠣᠩᠭᠤᠯ ᠤᠨ ᠡᠷᠢᠶᠡᠨ ᠬᠤᠳᠠ ᠶᠢᠨ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠴᠦ ᠡᠨᠡ ᠵᠢᠯ ᠤᠨ ᠬᠤᠪᠢ ᠳᠤ ᠵᠢᠭᠤᠯᠴᠢᠯᠠᠯ ᠤᠨ ᠬᠠᠯᠠᠮᠰᠢᠯ ᠴᠡᠭ ᠪᠤᠯᠵᠦ᠂ | ᠵᠢᠭᠤᠯᠴᠢᠯᠠᠬᠰᠡᠳ ᠤᠨ ᠪᠠᠭ᠋ᠠᠷᠬᠠᠯ ᠢ ᠲᠠᠲᠠᠵᠦ ᠪᠠᠶᠢᠯ᠎ᠠ᠃ ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠭᠠᠰᠢ᠂ ᠦᠵᠡᠮᠵᠢ ᠶᠢᠨ | ᠣᠷᠣᠨ ᠤ ᠬᠢᠨ ᠴᠡᠴᠡᠷᠯᠢᠭ ᠤᠨ ᠳᠣᠲᠣᠷᠠᠬᠢ ᠬᠡᠰᠡᠭ ᠠᠪᠤᠷᠭᠤ ᠭᠦᠷᠪᠡᠯ ᠤᠨ ᠵᠠᠭᠪᠤᠷ ᠪᠠ ᠠᠪᠤᠷᠭᠤ ᠭᠦᠷᠪᠡᠯ ᠤᠨ | ᠴᠢᠯᠠᠭᠤᠵᠢᠮᠠᠯ ᠤᠨ ᠣᠷᠳᠣᠨ ᠢ ᠲᠠᠰ ᠳᠡᠪᠰᠢᠭᠦᠯᠦᠨ ᠥᠭᠡᠷᠡᠴᠢᠯᠡᠭᠰᠡᠨ ᠪᠥᠭᠡᠳ ᠡᠷᠢᠶᠡᠨ ᠤᠯᠠᠭ᠎ᠠ ᠥᠷᠲᠡᠭᠡᠨ ᠤ | ᠪᠠᠭᠤᠷᠢ ᠶᠢᠨ ᠮᠦᠽᠧᠢ ᠶᠢ ᠪᠥᠬᠦ ᠲᠠᠯ᠎ᠠ ᠪᠠᠷ ᠰᠢᠨᠡᠳᠬᠡᠪᠡ᠃ ᠠᠵᠢᠯᠲᠠᠨ ᠯᠢ ᠶᠠᠨ ᠲᠠᠨᠢᠯᠴᠠᠭᠤᠯᠬᠤ ᠳᠠᠭᠠᠨ᠄ ︽8 | ᠰᠠᠷ᠎ᠠ ᠶᠢᠨ ᠰᠡᠭᠦᠯᠴᠢ ᠪᠣᠯᠲᠠᠯ᠎ᠠ᠂ ᠡᠨᠡ ᠵᠢᠯ ᠨᠡᠶᠢᠲᠡ 7 ᠲᠦᠮᠡᠨ ᠬᠦᠮᠦᠨ ᠤᠳᠠᠭ᠎ᠠ ᠶᠢᠨ ᠵᠢᠭᠤᠯᠴᠢᠯᠠᠬᠰᠡᠳ ᠢ ᠭᠥᠯᠢᠶᠡᠨ | ᠵᠤᠴᠢᠯᠠᠵᠦ᠂ ᠨᠢᠭᠡ ᠡᠳᠦᠷ ᠲᠤ ᠬᠠᠮᠤᠭ ᠤᠨ ᠠᠷᠪᠢᠨ ᠳᠠᠭᠠᠨ 5000 ᠭᠠᠷᠤᠢ ᠵᠢᠭᠤᠯᠴᠢᠯᠠᠬᠰᠡᠳ ᠢ ᠭᠥᠯᠢᠶᠡᠨ ᠵᠤᠴᠢᠯᠠᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠢᠯᠡᠳᠲᠡ ᠨᠡᠮᠡᠭᠳᠡᠵᠡᠢ︾ ᠭᠡᠵᠡᠢ᠃ | ᠡᠨᠡ ᠵᠢᠯ ᠠᠴᠠ ᠨᠠᠭᠠᠰᠢ᠂ ᠡᠷᠢᠶᠡᠨ ᠬᠤᠲᠠ ᠶᠢᠨ ᠬᠢᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠳᠤ ᠠᠷᠠᠯᠵᠢᠶᠠᠴᠢᠨ | ᠤᠷᠢᠵᠤ ᠪᠡᠯᠡ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠬᠤᠲᠠ ᠶᠢᠨ ᠭᠤᠣᠯ ᠵᠠᠮ᠂ ᠵᠠᠮ | ᠬᠠᠷᠢᠯᠴᠠᠭᠠᠨ ᠤ ᠥᠷᠲᠡᠭᠡ ᠴᠡᠭ᠂ ᠦᠵᠡᠮᠵᠢ ᠶᠢᠨ ᠣᠷᠣᠨ ᠵᠢᠴᠢ ᠠᠭᠤᠳᠠᠮ ᠲᠠᠯᠠᠪᠠᠶ ᠶᠢᠨ ᠡᠷᠬᠢᠨ ᠲᠣᠭᠤᠷᠢᠨ ᠤ ᠤᠤᠯ ᠤᠨ | ᠪᠠᠶᠢᠭᠰᠠᠨ ᠬᠤᠲᠠ ᠶᠢᠨ ᠵᠢᠭᠤᠯᠴᠢᠯᠠᠯ ᠤᠨ ᠲᠡᠮᠳᠡᠭ ᠫᠠᠶᠢᠰᠠ ᠶᠢ ᠰᠢᠨᠡᠳᠭᠡᠨ ᠳᠡᠭᠡᠭᠰᠢᠯᠡᠭᠦᠯᠬᠦ ᠶᠢᠨ ᠬᠠᠮᠲᠤ ᠵᠢᠭᠤᠯᠴᠢᠯᠠᠯ ᠤᠨ | ᠲᠥᠷᠥᠯ ᠵᠦᠢᠯ ᠤᠨ ᠬᠥᠮᠥᠷᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠡᠭᠦᠨ ᠤ ᠬᠠᠮᠲᠤ ᠡᠷᠢᠶᠡᠨ ᠬᠤᠳᠠ ᠶᠢᠨ ᠬᠢᠨ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠱᠤᠭᠤᠮ ᠢ ᠪᠠᠶᠢᠭᠤᠯᠵᠤ᠂ ᠤᠯᠤᠰ ᠤᠨ ᠡᠭᠦᠳᠡᠨ ᠳᠠᠬᠢ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠺᠢᠨᠣ᠋ ᠲᠧᠯᠸᠢᠰ ᠤᠨ ᠲᠢᠩᠬᠢᠮ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠤᠯᠤᠰ ᠤᠨ ᠡᠭᠦᠳᠡᠨ ᠳᠠᠬᠢ | ᠰᠣᠶᠣᠯ ᠪᠣᠯᠣᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠤᠰ ᠤᠨ ᠡᠭᠦᠳᠡ᠂ ᠬᠢᠯᠢ ᠶᠢᠨ ᠪᠣᠭᠤᠮᠲᠠ | ᠂ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠵᠡᠷᠭᠡ ᠶᠢ ᠣᠷᠭᠠᠨᠢᠭ ᠢᠶᠠᠷ ᠨᠡᠶᠢᠳᠬᠡᠵᠦ᠂ ᠬᠢᠯᠢ ᠶᠢᠨ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ | ᠠᠭᠤᠯᠤᠭᠳᠠᠬᠤᠨ ᠢ ᠳᠡᠭᠡᠭᠰᠢᠯᠡᠭᠦᠯᠵᠡᠢ᠃ | ᠡᠨᠡ ᠵᠢᠯ ᠤᠳᠤᠬᠠᠨ ᠪᠤᠯᠳᠠᠯ᠎ᠠ᠂ ᠡᠷᠢᠶᠡᠨ ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠬᠰᠡᠳ ᠢ | ᠨᠡᠶᠢᠲᠡ 158 ᠲᠦᠮᠡᠨ ᠬᠥᠮᠥᠨ ᠤᠳᠠᠭ᠎ᠠ ᠭᠥᠯᠢᠶᠡᠨ ᠵᠤᠴᠢᠯᠠᠵᠦ᠂ ᠠᠳᠠᠯᠢ ᠬᠤᠭᠤᠴᠠᠭᠠᠨ ᠤ ᠬᠢ ᠠᠴᠠ 46% ᠪᠠᠷ | ᠨᠡᠮᠡᠭᠳᠡᠵᠡᠢ᠂ ᠡᠭᠦᠨ ᠳᠤ ᠭᠠᠳᠠᠭᠠᠳᠤ ᠶᠢᠨ ᠵᠢᠭᠤᠯᠴᠢᠯᠠᠬᠰᠡᠳ ᠢ 74.3 ᠲᠦᠮᠡᠨ ᠬᠥᠮᠥᠨ ᠤᠳᠠᠭ᠎ᠠ ᠭᠥᠯᠢᠶᠡᠨ ᠵᠣᠴᠢᠯᠠᠵᠠᠢ᠃ | ᠵᠢᠭᠤᠯᠴᠢᠯᠠᠯ ᠤᠨ ᠦᠢᠯᠡᠰ ᠤᠨ ᠣᠷᠣᠯᠭ᠎ᠠ 30 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ | 49% ᠪᠠᠷ ᠨᠡᠮᠡᠭᠳᠡᠪᠡ᠃ | |