ᠮᠣᠳᠣᠨ ᠮᠠᠯᠵᠢᠯ ᠤᠨ ᠲᠠᠯᠠᠪᠠᠢ ᠶᠢᠨ ᠭᠠᠯ ᠤᠨᠲᠠᠷᠠᠭᠠᠬᠤ ᠮᠡᠳᠡᠯᠭᠡ ᠶᠢᠨ ᠬᠢᠴᠢᠶᠡᠯ ᠤᠨ ᠲᠠᠩᠬᠢᠮ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2024/9/19
     ᠺᠠᠳ᠋ᠷ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 8 ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠮᠣᠳᠣᠨ ᠮᠠᠯᠵᠢᠯ ᠤᠨ ᠲᠠᠯᠠᠪᠠᠶ ᠨᠢ ᠥᠪᠥᠷ ᠮᠣᠩᠭᠤᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠲᠥᠷᠥᠯ ᠤᠨ ᠨᠡᠶᠢᠭᠡᠮᠯᠢᠭ ᠤᠨ ᠮᠦᠽᠧᠢ ᠶᠢᠨ ᠪᠠᠭᠰᠢ ᠶᠢ ᠤᠷᠢᠵᠤ ᠮᠠᠨ ᠤ ᠲᠠᠯᠠᠪᠠᠶ ᠶᠢᠨ ᠪᠥᠬᠦ ᠺᠠᠳ᠋ᠷ ᠠᠵᠢᠯᠲᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠯᠭᠡᠪᠡ᠃      ᠲᠤᠰᠬᠠᠶ ᠰᠡᠳᠦᠪᠲᠦ ᠲᠠᠶᠢᠯᠤᠮᠵᠢ ᠳᠤ᠂ ᠮᠦᠷᠡᠨ ᠪᠠᠭᠰᠢ ᠸᠢᠳᠢᠣ᠋᠂ ᠵᠢᠷᠤᠭ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠺᠠᠳ᠋ᠷ ᠠᠵᠢᠯᠲᠠᠳ ᠲᠤ ᠭᠠᠯ ᠤᠨ ᠭᠠᠮᠰᠢᠭ ᠢ ᠡᠭᠦᠰᠭᠡᠭᠰᠡᠨ ᠡᠯᠧᠮᠧᠨ᠋ᠲ᠂ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠤᠨᠲᠠᠷᠠᠭᠠᠬᠤ᠂ ᠭᠠᠯ ᠤᠨ ᠲᠠᠯᠠᠪᠠᠶ ᠠᠴᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ ᠵᠡᠷᠭᠡ ᠭᠠᠯ ᠤᠨᠲᠠᠷᠠᠭᠠᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠪᠡ᠃ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠭᠤᠷ᠂ ᠬᠠᠨ᠎ᠠ ᠶᠢᠨ ᠬᠡᠯᠪᠡᠷᠢᠲᠦ ᠭᠠᠯ ᠤᠨᠲᠠᠷᠠᠭᠠᠭᠤᠷ ᠵᠡᠷᠭᠡ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠳᠡᠯᠭᠡᠨ ᠦᠵᠡᠭᠦᠯᠦᠭᠰᠡᠨ ᠪᠥᠭᠡᠳ ᠠᠵᠢᠯᠲᠠᠨ ᠠᠵᠢᠯᠴᠢᠳ ᠲᠠᠢ ᠰᠠᠨᠠᠯ ᠢᠶᠠᠨ ᠰᠣᠯᠢᠯᠴᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠣᠯᠠᠨ ᠤ ᠰᠡᠵᠢᠭ ᠲᠠᠢ ᠠᠰᠠᠭᠤᠳᠠᠯ ᠤᠳ ᠶᠢ ᠬᠠᠷᠢᠭᠤᠯᠵᠠᠶ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠪᠥᠬᠦ ᠺᠠᠳ᠋ᠷ ᠠᠵᠢᠯᠲᠠᠨ ᠠᠵᠢᠯᠴᠢᠨ ᠭᠠᠯ ᠤᠨᠲᠠᠷᠠᠭᠠᠵᠤ ᠠᠮᠢ ᠵᠢᠭᠤᠲᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号