ᠰᠢᠯᠢ ᠶᠢᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠤᠮᠠᠷᠠᠲᠤ ᠶᠢᠨ ᠭᠤᠷᠪᠠᠨ ᠣᠷᠣᠨ︾᠎ ᠤ ᠭᠤᠣᠯᠳᠠᠯᠭ᠎ᠠ ᠲᠠᠢ ᠢᠨᠴᠧᠨᠧᠷᠢᠭ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/19
     ︽ᠤᠮᠠᠷᠠᠲᠤ ᠶᠢᠨ ᠭᠤᠷᠪᠠᠨ ᠣᠷᠣᠨ︾᠎ ᠤ ᠭᠤᠣᠯᠳᠠᠯᠭ᠎ᠠ ᠲᠠᠢ ᠠᠮᠢ ᠠᠬᠤᠢ ᠵᠢᠨ‌ᠢᠨᠴᠧᠨᠧᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠭᠠᠬᠤ ᠶᠢᠨ ᠲᠥᠯᠥᠭᠡ᠂ 7 ᠰᠠᠷ᠎ᠠ ᠶᠢᠨ 6᠎ ᠤ ᠡᠳᠦᠷ᠂ ᠰᠢᠯᠢ ᠶᠢᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠢᠨᠠᠨ ᠬᠠᠮᠢᠶᠠᠷᠬᠤ ᠠᠵᠢᠯᠲᠠᠳ ᠴᠣᠬᠠᠠᠭᠤᠯᠠ ᠰᠤᠮᠤᠨ‌‍ᠳᠤ ᠬᠦᠷᠴᠦ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠴᠧᠨᠧᠷᠢᠭ ᠤᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠬᠢᠪᠡ᠃      ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠴᠧᠨᠧᠷᠢᠭ ᠤᠨ  ᠴᠣᠬᠠᠠᠭᠤᠯᠠ ᠰᠣᠮᠣᠨ ᠳᠠᠬᠢ ᠵᠠᠰᠠᠯᠲᠠ ᠶᠢᠨ ᠶᠡᠷᠦᠩᠬᠡᠢ ᠲᠠᠯᠠᠪᠠᠶ ᠨᠢ 21894 ᠮᠦ ᠪᠠᠶᠢᠵᠤ᠂ ᠭᠤᠣᠯᠳᠠᠭᠤ ︽ᠬᠠᠰᠢᠶᠠᠯᠠᠨ ᠪᠢᠲᠡᠭᠦᠮᠵᠢᠯᠡᠬᠦ + ᠪᠣᠲᠠ ᠪᠡᠯᠴᠢᠭᠡᠷ ᠰᠡᠷᠭᠦᠭᠡᠬᠦ︾ ᠵᠠᠭᠪᠤᠷ ᠢ ᠬᠡᠷᠡᠭᠯᠡᠨ᠂ 92209 ᠮᠧᠲᠷ ᠣᠷᠳᠣ ᠬᠠᠰᠢᠶᠠᠯᠠᠨ᠂ ᠡᠪᠡᠰᠦᠨ ᠦᠷ᠎ᠡ ᠰᠠᠴᠤᠵᠤ ᠳᠠᠷᠢᠭᠰᠠᠨ ᠲᠠᠯᠠᠪᠠᠶ ᠨᠢ 7785 ᠮᠦ ᠳᠤ ᠬᠦᠷᠪᠡ᠃      ᠮᠠᠨ ᠤ ᠲᠣᠪᠴᠢᠶ᠎ᠠ ᠨᠢ ᠲᠤᠬᠠᠢ ᠶᠢᠨ ᠲᠠᠯᠠᠪᠠᠶ ᠳᠤ ᠪᠠᠷᠢᠯᠭ᠎ᠠ ᠶᠢᠨ ᠠᠵᠢᠯ ᠤᠨ ᠪᠠᠶᠢᠳᠠᠯ ᠢ ᠬᠠᠶᠢᠨ ᠪᠠᠶᠢᠴᠠᠭᠠᠬᠤ ᠶᠠᠪᠤᠴᠠ ᠳᠤ᠂ ᠲᠥᠷᠥᠯ ᠵᠦᠢᠯ ᠤᠨ ᠲᠣᠭᠤᠷᠢᠭ ᠤᠨ ᠪᠠᠷᠢᠯᠭ᠎ᠠ ᠶᠢᠨ ᠬᠠᠷᠢᠭᠤᠴᠠᠯᠭᠠᠲᠠᠨ ᠢ ᠠᠵᠢᠯ ᠤᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠵᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ ᠪᠠᠷᠢᠯᠭ᠎ᠠ ᠶᠢᠨ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号