ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/9/19
     ᠮᠠᠰᠢ ᠣᠯᠠᠨ ᠰᠤᠷᠤᠬᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠤᠬᠠᠢ ᠣᠶᠢᠯᠠᠭᠠᠯᠲᠠ ᠨᠢ ᠵᠥᠪᠭᠡᠨ ᠰᠢᠯᠭᠠᠯᠲᠠ ᠶᠢ ᠠᠷᠭᠠᠴᠠᠭᠠᠬᠤ᠂ ᠥᠨᠳᠥᠷ ᠬᠤᠪᠢ ᠣᠯᠬᠤ ᠲᠠᠯ᠎ᠠ ᠳᠤ ᠵᠣᠭᠰᠣᠩᠭᠢᠷᠠᠵᠤ ᠪᠠᠶᠢᠳᠠᠭ᠃ ᠦᠨᠡᠨ ᠳᠡᠭᠡᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠨᠢ ᠰᠤᠷᠤᠬᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠰᠠᠭᠤᠷᠢ ᠢᠨᠵᠧᠨᠧᠷᠢᠩ ᠪᠤᠯᠬᠤ ᠪᠥᠭᠡᠳ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠴᠢᠳᠠᠪᠤᠷᠢᠲᠠᠨ ᠢ ᠬᠥᠮᠥᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠤᠨ ᠴᠢᠬᠤᠯᠠ ᠭᠤᠭᠴᠤᠭ᠎ᠠ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ︾᠎ ᠢ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ ᠶᠢᠨ ᠨᠢᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭ᠎ᠠ ᠮᠥᠨ ᠭᠡᠵᠦ ᠵᠢᠭᠠᠵᠤ ᠭᠠᠷᠭᠠᠪᠠ᠃      ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯ ᠲᠤᠲᠠᠭᠳᠠᠵᠤ ᠪᠣᠯᠣᠰᠢ ᠦᠭᠡᠢ ᠶᠤᠮ᠂ ᠰᠤᠷᠤᠬᠴᠢᠳ ᠤᠨ ᠥᠪᠡᠷᠮᠢᠴᠡ ᠬᠥᠭᠵᠢᠯᠲᠡ ᠶᠢ ᠪᠡᠶᠡᠯᠡᠭᠦᠯᠬᠦ᠂ ᠰᠤᠷᠤᠬᠴᠢᠳ ᠤᠨ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠵᠠᠩᠭᠢᠯᠠᠭ᠎ᠠ ᠶᠢᠨ ᠲᠠᠪᠴᠠᠩ ᠮᠥᠨ᠃ ᠡᠶᠢᠮᠦ ᠠᠴᠠ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠷᠬᠢᠨ ᠰᠢᠯᠢᠳᠡᠭᠵᠢᠭᠦᠯᠬᠦ ᠪᠠ ᠰᠢᠨᠡᠴᠢᠯᠡᠵᠦ᠂ ᠰᠤᠷᠤᠬᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠬᠡᠮᠵᠢᠶ᠎ᠡ ᠶᠢ ᠳᠡᠭᠡᠭᠰᠢᠯᠡᠭᠦᠯᠭᠦ ᠪᠣᠯ ᠭᠦᠨᠵᠡᠭᠡᠢ ᠪᠣᠳᠣᠯᠬᠢᠯᠠᠬᠤ ᠴᠢᠬᠤᠯᠠᠲᠠᠢ ᠪᠣᠳᠠᠲᠠᠢ ᠠᠰᠠᠭᠤᠳᠠᠯ ᠪᠣᠯᠪᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠡᠩ ᠲᠡᠷᠢᠭᠦᠨ ᠳᠤ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠰᠠᠶᠢᠲᠤᠷ ᠠᠰᠢᠭᠯᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭ ᠢ ᠳᠣᠪᠤᠶᠢᠯᠭᠠᠬᠤ ᠶᠢᠨ ᠬᠠᠮᠲᠤ᠂ ᠡᠯᠪᠡᠭ ᠪᠠᠶᠠᠯᠢᠭ ᠬᠠᠮᠲᠤ ᠶᠢᠨ ᠠᠵᠢᠯᠯᠠᠭ᠎ᠠ ᠶᠢ ᠨᠡᠭᠡᠭᠡᠨ ᠬᠥᠭᠵᠢᠭᠦᠯᠪᠡᠯ ᠵᠣᠬᠢᠨ᠎ᠠ᠃ ᠵᠢᠱᠢᠶᠡᠯᠡᠪᠡᠯ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠣᠨᠴᠠᠯᠢᠭ ᠲᠠᠢ ᠤᠶᠠᠯᠳᠤᠭᠤᠯᠤᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠰᠣᠶᠣᠯ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢ ᠪᠤᠶ ᠪᠤᠯᠭᠠᠵᠤ ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ᠂ U ᠰᠢᠷᠢᠰ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠥᠷᠨᠢᠭᠦᠯᠵᠦ ᠪᠣᠯᠣᠨ᠎ᠠ᠃      ︽ᠪᠠᠭᠠᠴᠤᠳ ᠬᠦᠴᠦᠷᠬᠡᠭᠵᠢᠪᠡᠯ ᠳᠤᠮᠳᠠᠳᠤ ᠤᠯᠤᠰ ᠬᠦᠴᠦᠷᠬᠡᠭᠵᠢᠨ᠎ᠡ᠂ ᠪᠡᠶ᠎ᠡ ᠶᠢᠨ ᠲᠠᠮᠢᠷ ᠬᠦᠴᠦᠷᠬᠡᠭᠵᠢᠪᠡᠯ ᠳᠤᠮᠳᠠᠳᠤ ᠤᠯᠤᠰ ᠬᠦᠴᠦᠷᠬᠡᠭᠵᠢᠨ᠎ᠡ︾᠃ ᠪᠡᠶ᠎ᠡ ᠶᠢᠨ ᠲᠠᠮᠢᠷ ᠨᠢ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠᠷ ᠪᠠᠷᠠᠬᠤ ᠦᠭᠡᠢ᠂ ᠣᠶᠤᠨ ᠪᠢᠯᠢᠭ ᠢ ᠰᠡᠩᠬᠡᠷᠡᠭᠦᠯᠬᠦ᠂ ᠶᠣᠰᠣ ᠰᠤᠷᠲᠠᠬᠤᠨ᠂ ᠭᠤᠸ᠎ᠠ ᠰᠠᠶᠢᠬᠠᠨ ᠢ ᠬᠥᠮᠥᠵᠢᠭᠦᠯᠬᠦ ᠴᠢᠬᠤᠯᠠ ᠠᠴᠢ ᠬᠤᠯᠪᠣᠭᠳᠠᠯ ᠲᠠᠢ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠬᠦ ᠳᠤ ᠭᠡᠷ ᠪᠦᠯᠢ᠂ ᠰᠤᠷᠭᠠᠭᠤᠯᠢ᠂ ᠨᠡᠶᠢᠭᠡᠮ ᠵᠡᠷᠭᠡ ᠣᠯᠠᠨ ᠲᠠᠯ᠎ᠠ ᠪᠠᠷ ᠬᠠᠮᠵᠢᠯᠴᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡᠯ ᠵᠣᠬᠢᠨ᠎ᠠ︕
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号