ᠲᠡᠷᠢᠭᠦᠨ ᠠᠯᠲᠠᠨ ᠮᠧᠳᠠᠯ ᠭᠠᠷᠳᠠᠯ᠎ᠠ
ᠨᠡᠶᠢᠲᠡᠯᠡᠭᠰᠡᠨ ᠴᠠᠭ᠄
2024/9/19
     ᠮᠠᠨ ᠤ ᠣᠷᠣᠨ ᠤ ᠲᠠᠮᠢᠷᠴᠢᠨ ᠲᠡᠷᠢᠭᠦᠨ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠨᠡᠭᠦᠳᠡᠯᠴᠢᠨ ᠦᠨᠳᠦᠰᠦᠲᠡᠨ ᠤ ᠲᠠᠮᠢᠷ ᠤᠨ ᠴᠤᠭᠯᠠᠭᠠᠨ ᠳᠤ ᠠᠯᠲᠠᠨ ᠮᠧᠳᠠᠯ ᠭᠠᠷᠳᠠᠯ᠎ᠠ᠃ ᠡᠨᠡ ᠪᠣᠯ ᠮᠥᠨ ᠴᠦ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠤᠨ ᠲᠣᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠣᠯᠣᠭᠰᠠᠨ ᠠᠩᠬᠠᠨ ᠤ ᠠᠯᠲᠠᠨ ᠮᠧᠳᠠᠯ ᠶᠤᠮ᠃      ᠲᠡᠷᠢᠭᠦᠨ ᠪᠣᠯ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠬᠥᠳᠡᠯᠭᠡᠭᠡᠨ ᠤ ᠲᠥᠪ ᠤᠨ ᠲᠠᠮᠢᠷᠴᠢᠨ ᠪᠣᠯᠣᠨ᠎ᠠ᠃ ᠺᠠᠽᠠᠬᠰᠲ᠋ᠠᠨ ᠮᠠᠶ᠋ᠢᠭ ᠤᠨ ᠮᠣᠷᠢᠨ ᠨᠠᠮᠨᠠᠭ᠎ᠠ ᠶᠢᠨ ᠤᠷᠤᠯᠳᠤᠭᠠᠨ ᠳᠤ ᠳᠡᠷᠡ ᠠᠯᠳᠠᠨ ᠮᠧᠳᠠᠯ ᠣᠯᠪᠠ᠃ ᠡᠭᠦᠨ ᠠᠴᠠ ᠡᠮᠦᠨ᠎ᠡ ᠂ ᠲᠡᠷᠡ ᠪᠠᠰᠠ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠤ ᠮᠣᠷᠢᠨ ᠳᠡᠭᠡᠷ᠎ᠡ ᠠᠴᠠ ᠬᠠᠳᠠᠭ ᠰᠢᠭᠦᠷᠡᠬᠦ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠪᠠ ᠬᠠᠮᠲᠤ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠦᠷᠳᠡᠪᠡ᠃      ᠣᠶᠢᠯᠠᠭᠠᠭᠰᠠᠨ ᠢᠶᠠᠷ᠂ ᠳᠡᠯᠡᠬᠡᠢ ᠶᠢᠨ ᠨᠡᠭᠦᠳᠡᠯᠴᠢᠨ ᠦᠨᠳᠦᠰᠦᠲᠡᠨ ᠤ ᠲᠠᠮᠢᠷ ᠤᠨ ᠴᠤᠭᠯᠠᠭᠠᠨ ᠢ ᠺᠢᠷᠭᠢᠽᠰᠲ᠋ᠠᠨ ᠰᠠᠨᠠᠭᠠᠴᠢᠯᠠᠨ ᠡᠷᠭᠢᠯᠡᠵᠦ᠂ ᠬᠤᠶᠠᠷ ᠵᠢᠯ ᠳᠤ ᠨᠢᠭᠡ ᠤᠳᠠᠭ᠎ᠠ ᠡᠷᠭᠢᠯᠡᠳᠡᠭ᠃ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠨᠡᠶᠢᠲᠡ 89 ᠤᠯᠤᠰ ᠪᠠ ᠭᠠᠵᠠᠷ ᠣᠷᠣᠨ ᠠᠴᠠ ᠢᠷᠡᠭᠰᠡᠨ 2500 ᠲᠠᠮᠢᠷᠴᠢᠨ ᠣᠷᠣᠯᠴᠠᠪᠠ᠃ ᠲᠣᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠮᠣᠷᠢ ᠤᠷᠤᠯᠳᠤᠬᠤ᠂ ᠬᠤᠨᠢ ᠰᠢᠭᠦᠷᠡᠬᠦ᠂ ᠮᠣᠷᠢᠨ ᠨᠠᠮᠨᠠᠭ᠎ᠠ᠂ ᠪᠦᠭᠡ ᠪᠠᠷᠢᠯᠳᠤᠬᠤ ᠵᠡᠷᠭᠡ ᠶᠢ ᠪᠠᠭᠲᠠᠭᠠᠭᠰᠠᠨ 21 ᠤᠷᠤᠯᠳᠤᠭᠠᠨ ᠤ ᠲᠦᠷᠦᠯ ᠤᠨ 97 ᠱᠠᠩᠨᠠᠯ ᠤᠨ ᠮᠧᠳᠠᠯ ᠲᠣᠬᠢᠷᠠᠭᠤᠯᠵᠤ᠂ ᠱᠠᠩᠨᠠᠯ ᠤᠨ ᠮᠥᠩᠭᠦ ᠶᠢᠨ ᠪᠦᠭᠦ ᠲᠤᠭ᠎ᠠ ᠨᠢ 2.53 ᠳ᠋ᠦᠩᠰᠢᠭᠤᠷ ᠲᠸᠡᠭᠭᠧ ︵ᠠᠷᠠᠳ ᠤᠨ ᠵᠣᠭᠤᠰ ᠢᠶᠠᠷ ᠪᠠᠷᠤᠭ 395 ᠲᠦᠮᠡᠨ ᠲᠥᠭᠦᠷᠢᠭ︶ ᠬᠦᠷᠬᠦ ᠪᠣᠯᠣᠨ᠎ᠠ᠃ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠳᠤ ᠨᠡᠶᠢᠲᠡ 33 ᠬᠥᠮᠥᠨ ᠪᠠᠶᠢᠵᠤ᠂ ᠲᠠᠮᠢᠷᠴᠢᠨ᠂ ᠳᠠᠰᠬᠠᠯᠵᠢᠭᠤᠯᠤᠭᠴᠢ᠂ ᠳᠠᠭᠠᠭᠤᠯᠤᠭᠴᠢ ᠪᠠ ᠠᠵᠢᠯᠲᠠᠨ ᠵᠡᠷᠭᠡ ᠶᠢ ᠪᠠᠭᠲᠠᠭᠠᠵᠤ᠂ 4 ᠲᠦᠷᠦᠯ ᠤᠨ 21 ᠤᠷᠤᠯᠳᠤᠭᠠᠨ ᠤ ᠵᠦᠢᠯ ᠳᠤ ᠣᠷᠣᠯᠴᠠᠵᠠᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号