ᠬᠡᠦᠬᠡᠳ ᠶᠠᠭᠤᠨ ᠳᠤ ᠳᠠᠩᠳᠠ ᠬᠥᠮᠦᠨ ᠢᠶᠠᠷ ᠲᠡᠪᠡᠷᠢᠭᠦᠯᠳᠡᠭ ᠪᠤᠢ︖
ᠨᠡᠶᠢᠲᠡᠯᠡᠭᠰᠡᠨ ᠴᠠᠭ᠄
2024/9/19
     ᠵᠠᠷᠢᠮ ᠬᠡᠤᠬᠡᠳ ᠤᠨ ᠵᠠᠩ ᠠᠭᠠᠰᠢ ᠨᠢ ᠨᠠᠮ ᠵᠢᠮ᠂ ᠤᠬᠢᠯᠠᠵᠤ ᠤᠨᠵᠢᠬᠤ ᠦᠭᠡᠢ᠂ ᠡᠶᠢᠮᠦ ᠬᠡᠤᠬᠡᠳ ᠢ ᠬᠠᠷᠠᠭᠠᠯᠵᠠᠬᠤ ᠳᠤ ᠠᠮᠠᠷᠬᠠᠨ ᠪᠠᠶᠢᠳᠠᠭ︔ ᠭᠡᠲᠡᠯ᠎ᠡ ᠵᠠᠷᠢᠮ ᠬᠡᠤᠬᠡᠳ ᠬᠠᠷᠢᠨ ᠦᠷᠭᠦᠯᠵᠢ ᠤᠬᠢᠯᠠᠳᠠᠭ᠂ ᠥᠪᠡᠷ ᠢᠶᠠᠨ ᠬᠡᠪᠲᠡᠵᠦ ᠨᠠᠭᠠᠳᠬᠤ ᠨᠢ ᠴᠥᠭᠡᠨ᠂ ᠬᠡᠵᠢᠶᠡᠳᠡ ᠬᠥᠮᠦᠨ ᠢᠶᠠᠷ ᠲᠡᠪᠡᠷᠢᠭᠦᠯᠳᠡᠭ᠃ ᠬᠡᠤᠬᠡᠳ ᠡᠬᠡ ᠠᠴᠠ ᠪᠠᠨ ᠰᠠᠯᠬᠤ ᠠᠴᠠ ᠡᠮᠦᠨ᠎ᠡ ᠬᠡᠯᠪᠡᠷᠢ ᠨᠢ ᠮᠤᠷᠤᠶ ᠪᠠᠶᠢᠳᠠᠭ᠂ ᠡᠶᠢᠮᠦ ᠠᠴᠠ ᠡᠬᠡ ᠠᠴᠠ ᠪᠠᠨ ᠰᠠᠯᠤᠭᠰᠠᠨ ᠤ ᠳᠠᠷᠠᠭᠠᠬᠢ ᠠᠩᠬᠠᠨ ᠤ ᠬᠡᠳᠦᠨ ᠰᠠᠷ᠎ᠠ ᠳᠠᠭᠠᠨ ᠭᠠᠳᠠᠭᠠᠳᠤ ᠣᠷᠴᠢᠨ ᠳᠤ ᠵᠣᠬᠢᠴᠠᠬᠤ ᠴᠢᠳᠠᠪᠤᠷᠢ ᠨᠢ ᠳᠣᠣᠷ᠎ᠠ ᠪᠠᠶᠢᠵᠣ ᠤᠳᠠᠭᠠᠨ ᠬᠡᠪᠲᠡᠪᠡᠯ ᠡᠪ ᠦᠭᠡᠢ ᠰᠠᠨᠠᠭᠳᠠᠳᠠᠭ᠃ ᠡᠨᠡ ᠣᠶᠢᠶ᠎ᠠ ᠳᠤ ᠡᠴᠢᠭᠡ ᠡᠬᠡ ᠨᠢ ᠳᠡᠩᠳᠡᠭᠦᠤ ᠶᠠᠭᠠᠷᠠᠤ ᠠᠴᠠ ᠪᠣᠯᠵᠤ ᠰᠠᠯᠵᠤ ᠲᠡᠶᠢᠯᠬᠦ ᠦᠭᠡᠢ ᠪᠣᠯ ᠨᠢᠯᠬ᠎ᠠ ᠬᠡᠤᠬᠡᠳ ᠲᠠᠢ ᠶᠠᠷᠢᠯᠴᠠᠵᠤ᠂ ᠲᠡᠭᠦᠨ ᠢ ᠢᠯᠪᠢᠬᠦ ᠪᠤᠶᠤ ᠥᠯᠥᠭᠡᠶ ᠶᠢ ᠰᠠᠵᠢᠨ᠎ᠠ᠃ 3 ᠰᠠᠷ᠎ᠠ ᠶᠢᠨ ᠳᠣᠲᠣᠷᠠᠬᠢ ᠬᠡᠤᠬᠡᠳ ᠢ ᠢᠯᠡᠭᠦᠬᠡᠨ ᠲᠡᠪᠡᠷᠢᠵᠦ᠂ ᠰᠠᠶᠢᠨ ᠰᠠᠶᠢᠬᠠᠨ ᠡᠬᠡ ᠦᠷ᠎ᠡ ᠶᠢᠨ ᠬᠠᠶᠢᠷ᠎ᠠ ᠰᠡᠳᠬᠢᠯᠭᠡ ᠶᠢ ᠪᠣᠢ ᠪᠣᠯᠭᠠᠵᠤ᠂ ᠲᠡᠪᠡᠷᠢᠭᠦᠯᠬᠦ ᠳᠠᠳᠬᠠᠯ ᠲᠠᠢ ᠪᠣᠯᠬᠤ ᠠᠴᠠ ᠵᠣᠪᠠᠭ᠋ᠣ ᠬᠡᠷᠡᠭ ᠦᠭᠡᠢ᠂ ᠬᠡᠤᠬᠡᠳ 5 ᠰᠠᠷ᠎ᠠ ᠪᠣᠯᠣᠭᠰᠠᠨ ᠤ ᠳᠠᠷᠠᠭ᠎ᠠ ᠠᠭᠠᠵᠢᠮ ᠢᠶᠠᠷ ᠪᠣᠯᠪᠠᠰᠤᠷᠠᠭᠤᠯᠵᠤ᠂ ᠰᠠᠶᠢᠨ ᠰᠠᠶᠢᠬᠠᠨ ᠳᠠᠳᠬᠠᠯ ᠲᠠᠢ ᠪᠣᠯᠭᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号