ᠡᠪᠡᠳᠴᠢᠯᠡᠭᠰᠡᠨ ᠬᠡᠦᠬᠡᠳ ᠢ ᠬᠡᠷᠬᠢᠨ ᠨᠠᠮ ᠵᠢᠮ ᠪᠠᠶᠢᠯᠭᠠᠬᠤ ᠪᠤᠢ︖
ᠨᠡᠶᠢᠲᠡᠯᠡᠭᠰᠡᠨ ᠴᠠᠭ᠄
2024/9/19
     ᠬᠡᠷᠪᠡ ᠬᠡᠤᠬᠡᠳ ᠡᠪᠡᠳᠴᠢᠯᠡᠭᠡᠳ ᠪᠠᠰᠠ ᠣᠷᠣᠨ ᠳᠡᠭᠡᠷ᠎ᠡ ᠪᠠᠨ ᠬᠡᠪᠲᠡᠬᠦ ᠳᠤᠷ᠎ᠠ ᠦᠭᠡᠢ ᠪᠣᠯ ᠣᠶᠤᠨ ᠰᠠᠨᠠᠭᠠᠨ ᠤ ᠪᠠᠶᠢᠳᠠᠯ ᠨᠢ ᠰᠠᠶᠢᠨ ᠪᠠᠶᠢᠬᠤ ᠶᠢ ᠬᠠᠷᠠᠭᠤᠯᠵᠤ ᠪᠠᠶᠢᠨ᠎ᠠ᠂ ᠡᠭᠦᠨ ᠤ ᠳᠤ ᠬᠠᠮᠲᠤ ᠪᠠᠰᠠ ᠬᠡᠤᠬᠡᠳ ᠤᠨ ᠡᠪᠡᠳᠴᠢᠨ ᠨᠢ ᠬᠥᠩᠭᠡᠨ ᠰᠢᠭ ᠪᠠᠶᠢᠬᠤ ᠶᠢ ᠮᠠᠭᠠᠳᠯᠠᠨ ᠮᠡᠳᠡᠵᠣ᠂ ᠠᠯᠪᠠ ᠪᠠᠷ ᠤᠨᠲᠠᠭᠤᠯᠬᠤ ᠦᠭᠡᠢ ᠪᠠᠶᠢᠵᠤ ᠪᠣᠯᠤᠨ᠎ᠠ᠃ ᠬᠡᠷᠪᠡ ᠬᠡᠣᠬᠡᠳ ᠡᠪᠡᠳᠴᠢᠯᠡᠭᠡᠳ ᠤᠬᠢᠯᠠᠭᠠᠳ ᠵᠣᠭᠰᠣᠬᠤ ᠦᠭᠡᠢ᠂ ᠲᠡᠪᠡᠷᠢᠭᠰᠡᠭᠡᠷ ᠯᠡ ᠨᠠᠮ ᠵᠢᠮ ᠤᠨᠲᠠᠪᠠᠯ᠂ ᠡᠴᠢᠭᠡ ᠡᠬᠡ ᠨᠢ ᠵᠢᠭᠠᠬᠠᠨ ᠵᠦᠳᠡᠷᠡᠯᠲᠡᠶ ᠪᠠᠶᠢᠵᠤ᠂ ᠰᠥᠨᠢᠵᠢᠨ ᠬᠡᠦᠬᠡᠳ ᠢᠶᠠᠨ ᠲᠡᠪᠡᠷᠢᠭᠡᠳ ᠣᠨᠲᠠᠭᠤᠯᠪᠠᠯ ᠵᠣᠬᠢᠨ᠎ᠠ᠃      ᠬᠡᠤᠬᠡᠳ ᠰᠠᠶ᠋ᠢ ᠬᠠᠯᠠᠭᠤᠷᠠᠬᠤ ᠳᠤ ᠪᠦᠬᠦ ᠪᠡᠶ᠎ᠡ ᠨᠢ ᠴᠡᠴᠡᠷᠡᠵᠦ᠂ ᠭᠠᠷ ᠬᠥᠯ ᠨᠢ ᠭᠦᠪ ᠬᠦᠢᠲᠡᠨ᠂ ᠴᠢᠷᠠᠶ ᠨᠢ ᠬᠥᠬᠡᠷᠡᠳᠡᠭ᠂ ᠡᠨᠡ ᠦᠶ᠎ᠡ ᠳᠤ ᠬᠠᠯᠠᠭᠤᠨ ᠤᠰᠤᠨ ᠤ ᠤᠭᠤᠲᠠ᠂ ᠴᠠᠬᠢᠯᠭᠠᠨ ᠳᠡᠪᠢᠰᠬᠡᠷ ᠵᠡᠷᠭᠡ ᠪᠠᠷ ᠣᠷᠣ ᠪᠠᠨ ᠳᠤᠯᠠᠭᠠᠴᠠᠭᠤᠯᠤᠭᠠᠳ ᠬᠡᠤᠬᠡᠳ ᠢ ᠤᠨᠲᠠᠭᠤᠯᠣᠨ᠎ᠠ᠃ ᠬᠡᠷᠪᠡ ᠰᠢᠲᠠᠮ᠎ᠠ ᠬᠠᠯᠠᠭᠤᠨ ᠵᠤᠨ ᠤ ᠴᠠᠭ ᠲᠤ ᠬᠡᠤᠬᠡᠳ ᠬᠠᠯᠠᠭᠤᠷᠪᠠᠯ ᠴᠣᠩᠬᠤ ᠪᠠᠨ ᠨᠡᠭᠡᠭᠡᠵᠦ ᠠᠭᠠᠷ ᠨᠡᠪᠲᠡᠷᠡᠭᠦᠯᠬᠦ ᠬᠡᠷᠡᠭᠲᠡᠶ᠃ ᠤᠴᠢᠷ ᠨᠢ ᠡᠨᠡ ᠣᠶᠢᠶ᠎ᠠ ᠳᠤ ᠡᠭᠦᠳᠡ ᠴᠣᠩᠬᠤ ᠪᠠᠨ ᠬᠠᠭᠠᠭᠰᠠᠨ ᠠᠴᠠ ᠬᠡᠤᠬᠡᠳ ᠠᠮᠠᠷᠬᠠᠨ ᠤᠨᠲᠠᠳᠠᠭ ᠦᠭᠡᠢ᠃ ᠬᠡᠤᠬᠡᠳ ᠠᠮᠠᠷᠠᠬᠤ ᠣᠶᠢᠶ᠎ᠠ ᠳᠤ ᠠᠪᠤ ᠡᠵᠢ ᠨᠢ ᠴᠢᠳᠠᠬᠤ ᠶᠢᠨ ᠬᠢᠷᠢ ᠪᠠᠷ ᠬᠡᠣᠬᠡᠳ ᠢ ᠦᠢᠮᠡᠭᠦᠯᠬᠦ ᠦᠭᠡᠢ ᠪᠠᠶᠢᠬᠤ ᠬᠡᠷᠡᠭᠲᠡᠢ᠂ ᠪᠡᠶ᠎ᠡ ᠶᠢᠨ ᠳᠤᠯᠠᠭᠠᠨ ᠢ ᠬᠡᠮᠵᠢᠬᠦ᠂ ᠤᠰᠤ᠂ ᠡᠮ ᠤᠤᠭᠤᠯᠭᠠᠬᠤ ᠨᠢ ᠬᠡᠤᠬᠡᠳ ᠢ ᠶᠠᠳᠠᠷᠠᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号