ᠭᠡᠷ ᠤᠨ ᠠᠬᠠᠮᠠᠳ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠬᠡᠷᠬᠢᠨ ᠬᠠᠮᠵᠢᠯᠴᠠᠨ ᠰᠠᠶᠢᠲᠤᠷ ᠬᠢᠬᠦ ᠪᠤᠢ︖
ᠨᠡᠶᠢᠲᠡᠯᠡᠭᠰᠡᠨ ᠴᠠᠭ᠄
2024/9/19
     ᠤᠯᠤᠰ ᠠᠴᠠ ᠬᠡᠤᠬᠡᠳ ᠤᠨ ᠪᠡᠶ᠎ᠡ ᠰᠡᠳᠬᠢᠯ ᠤᠨ ᠪᠤᠶᠢᠵᠢᠯᠲᠠ ᠪᠠ ᠡᠷᠡᠭᠦᠯ ᠢᠶᠠᠷ ᠦᠰᠦᠨ ᠪᠤᠶᠢᠵᠢᠬᠤ ᠶᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ 0 — 6 ᠨᠠᠰᠤᠨ ᠤ ᠬᠡᠤᠬᠡᠳ ᠲᠤ ᠰᠦᠶ᠋ᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠬᠠᠮᠢᠶᠠᠷᠤᠯᠲᠠ ᠬᠠᠩᠭᠠᠵᠤ᠂ ᠬᠡᠤᠬᠡᠳ ᠤᠨ ᠭᠡᠷ ᠤᠨ ᠠᠬᠠᠮᠠᠳ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠬᠢᠨᠠᠮᠠᠭᠠᠶ ᠬᠠᠮᠵᠢᠯᠴᠠᠨ᠂ ᠬᠡᠤᠬᠡᠳ ᠤᠨ ᠡᠷᠡᠭᠦᠯ ᠮᠡᠨᠳᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃① ᠰᠠᠶ᠋ᠢ ᠲᠥᠷᠥᠭᠰᠡᠨ ᠬᠡᠤᠬᠡᠳ ᠢ ᠠᠶᠢᠯᠴᠢᠯᠠᠨ ᠦᠵᠡᠬᠦ ᠳᠤ ᠡᠮᠨᠡᠯᠭᠡ ᠶᠢᠨ ᠠᠵᠢᠯᠲᠠᠨ ᠭᠡᠷ ᠲᠦᠨᠢ ᠬᠦᠷᠴᠦ ᠪᠠᠶᠢᠴᠠᠭᠠᠯᠲᠠ ᠬᠢᠬᠦ ᠠᠴᠠ ᠭᠠᠳᠠᠨ᠎ᠠ᠂ ᠪᠤᠰᠤᠳ ᠡᠯ᠎ᠡ ᠵᠦᠢᠯ ᠤᠨ ᠦᠢᠯᠡᠴᠢᠯᠡᠭᠡ ᠶᠢ ᠴᠥᠮ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠢᠨ᠎ᠡ᠃ ② ᠬᠡᠤᠬᠡᠳ ᠤᠨ ᠭᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠪᠣᠯᠵᠣᠭᠰᠠᠨ ᠴᠠᠭ᠂ ᠭᠠᠵᠠᠷ ᠢᠶᠠᠨ ᠬᠡᠤᠬᠡᠳ ᠢᠶᠠᠨ ᠳᠠᠭᠠᠭᠤᠯᠤᠨ ᠣᠴᠢᠵᠣ ᠪᠡᠶ᠎ᠡ ᠶᠢᠨ ᠪᠠᠶᠢᠴᠠᠭᠠᠯᠲᠠ ᠬᠢᠯᠭᠡᠵᠦ᠂ ︽ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠳᠡᠪᠲᠡᠷ︾ ᠢ ᠪᠠᠶᠢᠭᠤᠯᠵᠤ᠂ ᠲᠣᠬᠢᠲᠠᠶ ᠰᠠᠶᠢᠬᠠᠨ ᠬᠠᠳᠠᠭᠠᠯᠠᠨ᠎ᠠ᠃③ ᠡᠮᠴᠢ ᠶᠢᠨ ᠯᠠᠪᠯᠠᠨ ᠠᠰᠠᠭᠤᠬᠤ ᠳᠤ ᠦᠨᠡᠨ ᠮᠥᠨ ᠢᠶᠠᠷ ᠨᠢ ᠮᠡᠳᠡᠭᠳᠡᠵᠤ᠂ ᠪᠡᠶ᠎ᠡ ᠶᠢᠨ ᠪᠠᠶᠢᠴᠠᠭᠠᠯᠲᠠ ᠬᠢᠬᠦ ᠳᠤ ᠬᠠᠮᠵᠢᠯᠴᠠᠨ᠎ᠠ︔④ ᠡᠮᠴᠢ ᠶᠢᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠬᠢᠲᠠᠳ ᠡᠮᠨᠡᠯᠭᠡ ᠶᠢᠨ ᠡᠷᠡᠭᠦᠯᠵᠢᠯ ᠤᠨ ᠮᠡᠳᠡᠯᠭᠡ ᠮᠡᠷᠭᠡᠵᠢᠯ ᠢ ᠰᠣᠨᠣᠰᠴᠤ᠂ ᠨᠠᠷᠢᠨ ᠬᠢᠨᠠᠮᠠᠭᠠᠶ ᠦᠢᠯᠡᠳᠦᠯᠭᠡᠵᠢᠭᠦᠯᠦᠨ᠎ᠡ᠃⑤ ᠡᠪᠡᠳᠴᠢᠨ ᠤ ᠰᠢᠭᠰᠢᠨ ᠪᠠᠶᠢᠴᠠᠭᠠᠯᠲᠠ ᠬᠢᠵᠦ᠂ ᠬᠡᠷᠪᠡ ᠡᠷᠡᠭᠦᠯ ᠮᠡᠨᠳᠦ ᠶᠢᠨ ᠠᠰᠠᠭᠤᠳᠠᠯ ᠲᠠᠢ ᠪᠣᠯ ᠡᠮᠴᠢ ᠶᠢᠨ ᠵᠢᠭᠠᠪᠤᠷᠢ ᠪᠠᠷ ᠳᠠᠬᠢᠨ ᠪᠠᠶᠢᠴᠠᠭᠠᠬᠤ ᠪᠤᠶᠤ ᠰᠢᠯᠵᠢᠭᠦᠯᠦᠨ ᠣᠨᠣᠰᠢᠯᠠᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号