2024 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠰᠢᠨ᠎ᠡ ᠰᠦᠢᠳᠬᠡᠯ ᠲᠤᠰᠢᠶᠠᠬᠤ ᠪᠠᠷᠢᠮᠵᠢᠶ᠎ᠠ
ᠨᠡᠶᠢᠲᠡᠯᠡᠭᠰᠡᠨ ᠴᠠᠭ᠄
2024/9/19
     ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠠᠢ ᠬᠠᠮᠲᠤᠷᠠᠨ ︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ︹ 2024 ︺ 19 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠪᠣᠳᠠᠲᠠᠶ ᠠᠭᠤᠯᠭ᠎ᠠ ᠶᠢ ᠬᠠᠮᠲᠤ  ᠳᠠᠭᠠᠨ ᠦᠵᠡᠶ᠎ᠡ — —      ᠮᠡᠳᠡᠭᠳᠡᠯ ᠤᠨ ᠭᠤᠣᠯ ᠠᠭᠤᠯᠭ᠎ᠠ      2024 ᠣᠨ ᠳᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠨᠥᠬᠦᠪᠥᠷᠢ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ᠂ ᠰᠠᠭᠤᠭᠠᠯᠢ ᠠᠷᠠᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠨᠡᠮᠡᠭᠳᠡᠯ ᠤᠨ ᠬᠡᠮᠵᠢᠶ᠎ᠡ ᠶᠢ ᠵᠣᠬᠢᠰᠲᠠᠶ ᠪᠠᠷ ᠪᠠᠭᠤᠷᠠᠭᠤᠯᠵᠤ᠂ ᠡᠳ᠋ ᠤᠨ ᠵᠠᠰᠠᠭ ᠤᠨ ᠨᠥᠬᠦᠪᠥᠷᠢ ᠪᠠ ᠬᠤᠪᠢ ᠬᠥᠮᠦᠨ ᠤ  ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠦᠷᠦᠭᠦᠤ ᠵᠢᠯ ᠤᠨ ᠬᠢ ᠠᠴᠠ ᠲᠣᠰ ᠲᠣᠰ 30 ᠲᠥᠭᠦᠷᠢᠭ ᠪᠠ 20 ᠲᠥᠭᠦᠷᠢᠭ ᠨᠡᠮᠡᠭᠳᠡᠭᠦᠯᠵᠦ᠂ ᠬᠥᠮᠦᠨ ᠪᠦᠷᠢ ᠵᠢᠯ ᠳᠤ ᠲᠣᠰ ᠲᠣᠰ 670 ᠲᠥᠭᠦᠷᠢᠭ ᠪᠠ 400 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃      ᠲᠥᠪ ᠤᠨ ᠡᠳ᠋ ᠤᠨ ᠵᠠᠰᠠᠭ ᠠᠴᠠ ᠦᠷᠭᠦᠯᠵᠢᠯᠡᠨ ᠲᠣᠭᠲᠠᠭᠠᠯ ᠶᠣᠰᠣᠭᠠᠷ ᠣᠷᠣᠨ ᠨᠤᠲᠤᠭ ᠲᠤ ᠲᠡᠰ ᠬᠤᠪᠢᠶᠠᠨ ᠨᠥᠬᠦᠪᠥᠷᠢ ᠥᠭᠴᠦ᠂ ᠪᠠᠷᠠᠭᠤᠨ ᠬᠡᠰᠡᠭ ᠪᠠ ᠳᠤᠮᠳᠠ ᠬᠡᠰᠡᠭ ᠤᠨ ᠭᠠᠵᠠᠷ ᠣᠷᠣᠨ ᠳᠤ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ 80% ᠪᠠ 60% ᠶᠢᠨ ᠬᠠᠷᠢᠴᠠᠯ ᠢᠶᠠᠷ ᠲᠤᠰ ᠲᠤᠰ ᠨᠥᠬᠦᠪᠥᠷᠢ ᠥᠭᠴᠦ᠂ ᠵᠡᠭᠦᠨ ᠬᠡᠰᠡᠭ ᠤᠨ ᠭᠠᠵᠠᠷ ᠣᠷᠣᠨ ᠤ ᠡᠯ᠎ᠡ ᠮᠤᠵᠢ ᠣᠷᠣᠨ ᠳᠤ ᠲᠤᠰ ᠲᠤᠰ ᠵᠣᠬᠢᠬᠤ ᠬᠠᠷᠢᠴᠠᠯ ᠢᠶᠠᠷ ᠨᠥᠬᠦᠪᠥᠷᠢ ᠥᠭᠭᠦᠨ᠎ᠡ᠃      ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢ  ᠬᠠᠷᠠᠭᠠᠯᠵᠠᠨ ᠬᠠᠮᠳᠣ ᠪᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ  ᠲᠠᠯ᠎ᠠ ᠪᠠᠷ ᠠᠬᠢᠭᠤᠯᠣᠨ᠎ᠠ᠃       ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠲᠦᠷᠦᠭᠦᠤ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠥᠨᠳᠥᠷ ᠪᠠᠶᠢᠯᠭᠠᠵᠤ ᠪᠣᠯᠬᠤ ᠥᠬᠡᠶ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠠᠪᠬᠤᠴᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠲᠦᠷᠦᠭᠦᠤ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠳᠤ ᠬᠦᠷᠦᠭᠦᠯᠵᠦ᠂ ᠲᠠᠩᠰᠠ ᠲᠠᠶᠢᠯᠬᠤ ᠬᠠᠷᠢᠴᠠᠯ ᠢ ᠥᠨᠳᠦᠷ ᠡᠮᠴᠢᠯᠡᠭᠡᠨ ᠤ ᠵᠠᠷᠤᠳᠠᠯ ᠲᠡᠰᠢ ᠬᠡᠯᠪᠡᠶᠢᠨ᠎ᠡ᠃      ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠳᠤ ᠡᠭᠦᠰᠦᠭᠰᠡᠨ ᠲᠣᠭᠲᠠᠭᠠᠯ ᠳᠤ ᠨᠡᠶᠢᠴᠡᠬᠦ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠬᠠᠮᠢᠶ᠎ᠠ ᠪᠥᠬᠦᠶ ᠡᠮᠴᠢᠯᠡᠭᠡᠨ ᠤ ᠵᠠᠷᠤᠳᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠣᠷᠣᠭᠤᠯᠵᠤ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠣᠯᠭᠤᠮᠵᠢ ᠶᠢ ᠭᠥᠷᠳᠡᠵᠦ᠂ ᠡᠮᠨᠡᠯᠭᠡ ᠳᠤ ᠰᠠᠭᠤᠵᠤ ᠬᠥᠩᠭᠡᠵᠢᠬᠦ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠵᠦᠶ ᠵᠣᠬᠢᠰᠲᠠᠶ  ᠲᠡᠭᠡᠭᠰᠢᠯᠡᠭᠦᠯᠦᠨ᠎ᠡ᠃      ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠵᠦ᠂ ᠬᠤᠶᠠᠷ ᠲᠦᠷᠦᠯ ᠤᠨ ᠬᠥᠮᠦᠰ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ 99% ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号