︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/19
     ᠨᠢᠭᠡ᠂ 2024 ᠣᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠠᠵᠢᠯ ᠢ ᠬᠡᠷᠬᠢᠨ ᠲᠣᠬᠢᠷᠠᠭᠤᠯᠬᠤ ᠪᠤᠢ︖ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠲᠠᠰᠤᠷᠠᠯᠲᠠ ᠦᠭᠡᠶ ᠨᠡᠮᠡᠭᠳᠡᠬᠦ᠂ ᠡᠮ ᠡᠮᠨᠡᠯᠭᠡ ᠶᠢᠨ ᠬᠡᠷᠡᠭᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠬᠦ ᠪᠠᠶᠢᠳᠠᠯ ᠳᠤ ᠢᠳᠡᠪᠬᠢᠲᠡᠶ ᠵᠣᠬᠢᠴᠠᠬᠤ ᠶᠢᠨ ᠲᠥᠯᠥᠭᠡ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠂ ︽ᠮᠡᠳᠡᠭᠳᠡᠯ︾ ᠳᠤ᠂ 2024 ᠣᠨ ᠳᠤ ᠡᠯ᠎ᠡ ᠱᠠᠲᠤᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠨᠥᠬᠦᠪᠥᠷᠢ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠰᠠᠭᠤᠭᠠᠯᠢ ᠠᠷᠠᠳ ᠤᠨ ᠬᠤᠪᠢ ᠬᠥᠮᠦᠨ ᠤ  ᠰᠦᠢᠳᠬᠡᠯ ᠲᠤᠰᠢᠶᠠᠬᠤ ᠨᠡᠮᠡᠭᠳᠡᠯ ᠤᠨ ᠬᠡᠮᠵᠢᠶ᠎ᠡ ᠶᠢ ᠵᠣᠬᠢᠰᠲᠠᠶ ᠪᠠᠷ ᠪᠠᠭᠤᠷᠠᠭᠤᠯᠵᠤ᠂ ᠡᠳ᠋ ᠤᠨ ᠵᠠᠰᠠᠭ ᠤᠨ ᠨᠥᠬᠦᠪᠥᠷᠢ ᠪᠠ ᠬᠤᠪᠢ ᠬᠥᠮᠦᠨ ᠤ  ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠦᠷᠦᠭᠦᠤ ᠵᠢᠯ ᠤᠨ ᠬᠢ ᠠᠴᠠ ᠲᠣᠰ ᠲᠣᠰ 30 ᠲᠥᠭᠦᠷᠢᠭ ᠪᠠ 20 ᠲᠥᠭᠦᠷᠢᠭ ᠨᠡᠮᠡᠭᠳᠡᠭᠦᠯᠵᠦ᠂ ᠬᠥᠮᠦᠨ ᠪᠦᠷᠢ ᠵᠢᠯ ᠳᠤ ᠲᠣᠰ ᠲᠣᠰ 670 ᠲᠥᠭᠦᠷᠢᠭ ᠪᠠ 400 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠡᠨᠡ ᠪᠣᠯ 2016 ᠣᠨ ᠠᠴᠠ ᠨᠠᠰᠢ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠰᠢᠨ᠎ᠡ ᠪᠠᠷ ᠨᠡᠮᠡᠭᠳᠡᠭᠰᠡᠨ ᠪᠠᠷᠢᠮᠵᠢᠶ᠎ᠠ ᠨᠢ ᠠᠩᠬ᠎ᠠ ᠤᠳᠠᠭ᠎ᠠ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠠᠴᠠ ᠲᠣᠣᠷ᠎ᠠ ᠪᠣᠯᠣᠨ᠎ᠠ᠃ ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠲᠠᠰᠤᠷᠠᠯᠲᠠ ᠥᠬᠡᠶ ᠨᠡᠮᠡᠭᠳᠡᠵᠦ᠂ ᠡᠮᠴᠢᠯᠡᠭᠡᠨ ᠤ ᠬᠡᠷᠡᠭᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠠᠬᠤᠶ ᠪᠠᠶᠢᠳᠠᠯ ᠤᠨ ᠳᠣᠤᠷ᠎ᠠ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠵᠦᠶ ᠵᠣᠬᠢᠰᠲᠠᠶ ᠳᠡᠭᠡᠭᠰᠢᠯᠡᠭᠦᠯᠬᠦ ᠪᠣᠯ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠲᠦᠷᠢᠮ ᠤᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠪᠤᠰᠤᠳᠴᠢ ᠱᠠᠭᠠᠷᠳᠠᠯᠭ᠎ᠠ ᠮᠥᠨ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠦᠲᠦᠴᠡ ᠶᠢ ᠵᠡᠷᠭᠡ ᠪᠠᠷ ᠰᠢᠯᠢᠳᠡᠭᠵᠢᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠬᠡᠷᠡᠭᠲᠡᠶ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠥᠬᠡᠶ ᠭᠡᠵᠦ ᠴᠢᠬᠤᠯᠠᠴᠢᠯᠠᠪᠠ᠃      ᠬᠤᠶᠠᠷ᠂ 2024 ᠣᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠪᠠᠶᠢᠬᠤ ᠪᠣᠶ︖ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ  ᠬᠦᠷᠳᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠶᠢᠨ ᠲᠥᠯᠥᠭᠡ᠂ ︽ᠮᠡᠳᠡᠭᠳᠡᠯ︾ ᠳᠤ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠨᠠᠷᠢᠯᠢᠭ ᠣᠨᠣᠴᠠᠲᠠᠶ ᠪᠠᠷ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃ ᠨᠢᠭᠡ ᠳᠤ᠂ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠬᠤᠶᠠᠷ ᠲᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ᠂ ᠲᠠᠩᠰᠠ ᠲᠠᠶᠢᠯᠬᠤ ᠬᠠᠷᠢᠴᠠᠯ ᠪᠠ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠣᠷᠣᠭᠤᠯᠵᠤ᠂ ᠡᠮᠨᠡᠯᠭᠡ ᠳᠤ ᠰᠠᠭᠤᠵᠤ ᠬᠥᠩᠭᠡᠵᠢᠬᠦ ᠡᠮ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠵᠣᠬᠢᠰᠲᠠᠢ ᠲᠡᠭᠡᠭᠰᠢᠯᠡᠭᠦᠯᠦᠨ᠎ᠡ᠃ ︽ᠮᠡᠳᠡᠭᠳᠡᠯ︾ ᠳᠤ ᠲᠦᠷᠢᠮ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠨᠢᠭᠡᠳᠬᠡᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠣᠨᠴᠠᠭᠠᠶᠢᠯᠠᠨ ᠴᠢᠬᠤᠯᠠᠴᠢᠯᠠᠭᠰᠠᠨ ᠪᠥᠭᠡᠳ ᠡᠯ᠎ᠡ ᠮᠤᠵᠢ ᠶᠢᠨ ᠬᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠶ ᠬᠠᠭᠤᠳᠠᠰᠤ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ︽ᠡᠷᠭᠢᠵᠦ ᠦᠵᠡᠬᠦ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠳᠥᠯᠭᠢᠨ ᠠᠬᠢᠭᠤᠯᠵᠤ᠂ ᠤᠯᠤᠰ ᠤᠨ ᠲᠣᠳᠣᠷᠬᠠᠶ ᠴᠢᠭᠯᠡᠯ ᠢᠶᠠᠷ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠶᠢ  ᠣᠷᠮᠠᠰᠢᠭᠤᠯᠬᠤ ᠶᠢᠨ ᠬᠠᠮᠲᠤ ᠲᠠᠲᠠᠪᠤᠷᠢᠯᠠᠨ ᠲᠤᠰᠢᠶᠠᠬᠤ ᠬᠤᠭᠤᠴᠠᠭ᠎ᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      ᠭᠤᠷᠪᠠ᠂ ᠰᠢᠯᠵᠢᠯᠲᠡ ᠶᠢᠨ ᠬᠤᠭᠤᠴᠠᠭᠠᠨ ᠤ ᠰᠡᠭᠦᠯᠴᠢ ᠶᠢᠨ ᠬᠠᠭᠠᠰ ᠬᠤᠭᠤᠴᠠᠭᠠᠨ ᠳᠤ ᠡᠮ ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠬᠡᠷᠬᠢᠨ ᠯᠠᠪᠳᠠᠭᠤᠨ ᠪᠠᠳᠣᠲᠠᠢ ᠬᠢᠬᠦ ᠪᠣᠢ︖ ︽ᠮᠡᠳᠡᠭᠳᠡᠯ︾ ᠳᠤ ᠱᠠᠭᠠᠷᠳᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠵᠦ᠂ ᠬᠤᠶᠠᠷ ᠲᠥᠷᠥᠯ ᠤᠨ ᠬᠥᠮᠦᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 99% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢ ᠲᠥᠷᠥᠯ ᠬᠤᠪᠢᠶᠠᠨ ᠲᠤᠰᠠᠯᠠᠵᠤ ᠳᠠᠭᠠᠳᠬᠠᠯ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠣᠭᠲᠠᠭᠰᠠᠨ ᠨᠣᠷᠮ᠎ᠠ ᠪᠠᠷ ᠲᠤᠰᠠᠯᠠᠬᠤ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠯᠡᠭᠦᠬᠡᠨ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠷ ᠲᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠡᠬᠡᠲᠡᠶ ᠡᠪᠡᠳᠴᠢᠲᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠦᠯᠡᠰᠦᠩᠭᠦᠶ ᠶᠢᠨ ᠦᠢᠯᠡᠰ ᠵᠡᠷᠭᠡ ᠨᠡᠶᠢᠭᠡᠮ ᠤᠨ ᠬᠦᠴᠦᠨ ᠤ ᠠᠪᠤᠷᠠᠨ ᠲᠤᠰᠠᠯᠠᠬᠤ ᠪᠠᠲᠤᠯᠠᠭ᠎ᠠ ᠳᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠤᠨ᠎ᠠ᠃      ᠳᠥᠷᠪᠡ᠂ ᠰᠠᠭᠤᠭᠠᠯᠢ ᠠᠷᠠᠳ ᠤᠨ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠤᠷᠮᠠᠰᠢᠭᠤᠯᠬᠤ ᠠᠷᠭ᠎ᠠ ᠬᠡᠮᠵᠢᠶ᠎ᠡ ᠪᠠᠶᠢᠬᠤ ᠪᠣᠶ︖ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠬᠥᠮᠦᠰ ᠪᠠ ᠲᠠᠩᠰᠠ ᠲᠠᠶᠢᠯᠵᠣ ᠲᠡᠶᠢᠯᠬᠦ ᠥᠬᠡᠶ ᠬᠥᠮᠦᠰ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ ᠭᠡᠵᠦ ᠲᠣᠳᠣᠷᠬᠠᠶ ᠳᠤᠷᠠᠳᠤᠨ ᠭᠠᠷᠭᠠᠪᠠ᠃ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠮᠤᠵᠢ ᠶᠢᠨ ᠬᠢᠨ ᠤᠯᠤᠰ ᠤᠨ ᠲᠣᠳᠣᠷᠬᠠᠶ ᠴᠢᠭᠯᠡᠯ ᠢᠶᠠᠷ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠤ ᠵᠣᠬᠢᠴᠠᠩᠭᠤᠶ ᠤᠷᠮᠠᠰᠢᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠤᠷᠮᠠᠰᠢᠭᠤᠯᠬᠤ ᠭᠡᠳᠡᠭ ᠨᠢ ᠵᠠᠯᠭᠠᠭ᠎ᠠ ᠪᠠᠷ ᠳᠠᠭᠠᠳᠬᠠᠯ ᠳᠤ ᠣᠷᠣᠭᠠᠳ ᠪᠦᠬᠦᠯᠢ 4 ᠵᠢᠯ ᠪᠣᠯᠤᠭᠰᠠᠨ ᠤ ᠳᠠᠷᠠᠭ᠎ᠠ ᠵᠠᠯᠭᠠᠭ᠎ᠠ ᠪᠠᠷ 1 ᠵᠢᠯ ᠣᠷᠣᠯᠴᠠᠬᠤ ᠪᠦᠷᠢ ᠳᠠᠭᠠᠳᠬᠠᠯ ᠳᠤ  ᠣᠷᠣᠯᠴᠠᠬᠤ ᠣᠷᠮᠠᠰᠢᠭᠤᠯᠣᠯ ᠢ ᠵᠠᠯᠭᠠᠭ᠎ᠠ ᠪᠠᠷ ᠭᠥᠷᠳᠡᠵᠦ᠂ ᠲᠣᠭᠲᠠᠭᠠᠯ ᠶᠣᠰᠣᠭᠠᠷ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ︔ ᠲᠠᠩᠰᠠ ᠲᠠᠶᠢᠯᠬᠤ ᠥᠬᠡᠶ ᠪᠠᠷ ᠤᠷᠮᠠᠰᠢᠭᠤᠯᠬᠤ ᠭᠡᠳᠡᠭ ᠪᠣᠯ ᠲᠤᠬᠠᠶ ᠶᠢᠨ ᠵᠢᠯ ᠤᠨ ᠰᠠᠭᠤᠷᠢ ᠮᠥᠩᠭᠦ ᠠᠴᠠ ᠲᠠᠩᠰᠠ ᠲᠠᠶᠢᠯᠬᠤ ᠥᠬᠡᠶ ᠶᠢ ᠬᠡᠯᠡᠵᠦ ᠪᠠᠶᠢᠨ᠎ᠠ᠂ ᠳᠠᠷᠠᠭ᠎ᠠ ᠵᠢᠯ ᠳᠤᠨᠢ ᠤᠷᠮᠠᠰᠢᠭᠤᠯᠤᠯ ᠢ ᠭᠥᠷᠳᠡᠵᠦ᠂ ᠲᠣᠭᠲᠠᠭᠠᠯ ᠶᠣᠰᠣᠭᠠᠷ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠡᠨᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠲᠤᠰᠠᠭᠠᠷ ᠲᠣᠭᠲᠠᠭᠠᠵᠤ᠂ ᠴᠥᠮ 2025 ᠣᠨ ᠠᠴᠠ ᠡᠬᠢᠯᠡᠨ ᠬᠡᠷᠡᠭᠵᠢᠭᠦᠯᠦᠨ᠎ᠡ᠂ ᠤᠷᠮᠠᠰᠢᠭᠤᠯᠬᠤ ᠨᠥᠬᠦᠴᠡᠯ ᠳᠤ ᠨᠡᠶᠢᠴᠡᠪᠡᠯ᠂ ᠴᠥᠮ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠵᠦ᠂ ᠤᠳᠠᠭ᠎ᠠ ᠪᠦᠷᠢ 1000 ᠲᠥᠭᠦᠷᠢᠭ ᠠᠴᠠ ᠳᠣᠤᠷ᠎ᠠ ᠥᠬᠡᠶ ᠳᠡᠭᠡᠭᠰᠢᠯᠡᠭᠦᠯᠵᠦ᠂ ᠬᠤᠪᠢ ᠬᠥᠮᠦᠨ ᠤ ᠲᠤᠰᠢᠶᠠᠬᠤ ᠵᠠᠷᠤᠳᠠᠯ ᠤᠨ 400 ᠲᠥᠭᠦᠷᠢᠭ ᠠᠴᠠ ᠬᠤᠯᠠ ᠥᠨᠳᠥᠷ ᠪᠣᠯᠭᠠᠨ᠎ᠠ᠃ ᠬᠡᠷᠪᠡ ᠲᠤᠬᠠᠶ ᠶᠢᠨ ᠵᠢᠯ ᠳᠤ ᠬᠦᠨᠳᠦ ᠡᠪᠡᠳᠴᠢᠨ ᠤ ᠲᠠᠩᠰᠠ ᠲᠠᠶᠢᠯᠬᠤ ᠶᠢᠨ ᠬᠠᠮᠲᠤ ᠲᠠᠩᠰᠠ ᠲᠠᠶᠢᠯᠬᠤ ᠥᠬᠡᠶ ᠪᠠᠷ ᠱᠠᠩᠨᠠᠬᠤ ᠲᠤᠭ᠎ᠠ ᠬᠡᠮᠵᠢᠶ᠎ᠡ ᠶᠢ ᠬᠡᠷᠡᠭᠯᠡᠭᠰᠡᠨ ᠪᠠᠶᠢᠪᠠᠯ᠂ ᠬᠡᠳᠦ᠋ᠢᠪᠡᠷ 2 ᠳ᠋ᠤᠭᠠᠷ ᠵᠢᠯ ᠳᠤ ᠲᠠᠩᠰᠠ ᠲᠠᠶᠢᠯᠬᠤ ᠥᠬᠡᠶ ᠪᠠᠷ ᠤᠷᠮᠠᠰᠢᠭᠤᠯᠬᠤ ᠲᠤᠭ᠎ᠠ ᠬᠡᠮᠵᠢᠶ᠎ᠡ ᠶᠢ ᠳᠠᠭᠢᠵᠤ ᠪᠤᠳᠤᠭᠰᠠᠨ ᠪᠣᠯᠪᠠᠴᠤ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠤᠷᠮᠠᠰᠢᠭᠤᠯᠬᠤ ᠶᠢ ᠨᠥᠯᠥᠭᠡᠯᠡᠬᠦ ᠥᠬᠡᠶ ᠶᠤᠮ᠃ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠤᠷᠮᠠᠰᠢᠭᠤᠯᠤᠯ ᠤᠨ ᠲᠠᠯ᠎ᠠ ᠪᠠᠷ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠭᠰᠠᠨ ᠬᠥᠮᠦᠨ ᠳᠠᠭᠠᠳᠬᠠᠯ ᠢᠶᠠᠨ ᠲᠠᠰᠤᠯᠤᠭᠰᠠᠨ ᠴᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠣᠨ ᠤ ᠲᠤᠭ᠎ᠠ ᠶᠢ ᠳᠠᠭᠢᠵᠤ ᠪᠤᠳᠤᠭᠰᠠᠨ ᠴᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠤᠷᠮᠠᠰᠢᠭᠤᠯᠤᠯ ᠤᠨ ᠲᠤᠭ᠎ᠠ ᠬᠡᠮᠵᠢᠶ᠎ᠡ ᠶᠢ ᠬᠡᠪ ᠢᠶᠠᠷ ᠪᠠᠶᠢᠯᠭᠠᠭᠰᠠᠭᠠᠷ ᠪᠠᠶᠢᠨ᠎ᠠ ᠃ ᠤᠷᠮᠠᠰᠢᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠪᠠᠯ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠤ ᠨᠠᠩ ᠥᠨᠳᠥᠷ ᠪᠠᠲᠤᠯᠠᠭ᠎ᠠ ᠲᠠᠢ ᠪᠣᠯᠬᠤ ᠮᠥᠷᠲᠡᠭᠡᠨ ᠪᠥᠬᠦ ᠳᠠᠭᠠᠳᠬᠠᠯ ᠳᠤ ᠣᠷᠣᠯᠴᠠᠭᠰᠠᠳ ᠤᠨ ᠠᠰᠢᠭ ᠲᠤᠰᠠ ᠶᠢ ᠦᠨᠳᠦᠰᠦᠨ ᠠᠴᠠ ᠨᠢ ᠨᠠᠩ ᠰᠠᠶᠢᠨ ᠬᠠᠮᠠᠭᠠᠯᠠᠬᠤ ᠶᠢᠨ ᠬᠠᠮᠲᠤ ᠰᠠᠭᠤᠷᠢ ᠮᠥᠩᠭᠦ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃      ᠲᠠᠪᠤ᠂ ᠬᠡᠷᠬᠢᠨ ᠬᠦᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠪᠠᠷ ᠳᠠᠮᠵᠢᠭᠤᠯᠤᠨ ᠤᠯᠠᠨ ᠲᠦᠮᠡᠨ ᠤ ᠳᠠᠭᠠᠳᠬᠠᠯ ᠳᠤ ᠣᠷᠣᠯᠴᠠᠭᠰᠠᠨ ᠬᠦᠷᠲᠡᠮᠵᠢ ᠶᠢᠨ ᠲᠥᠷᠦᠭᠳᠡᠯ ᠢ ᠲᠡᠭᠡᠭᠰᠢᠯᠡᠭᠦᠯᠬᠦ ᠪᠣᠢ︖  ᠬᠦᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠤᠭ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠰᠠᠭᠤᠷᠢ ᠮᠥᠨ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠠᠩᠬᠠᠨ ᠤ ᠥᠷᠲᠡᠭᠡ ᠮᠥᠨ᠂ ᠪᠠᠰᠠ ᠴᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠪᠡᠶᠡᠯᠡᠭᠦᠯᠬᠦ ᠶᠢᠨ ︽ᠬᠠᠮᠤᠭ ᠡᠴᠦᠰ ᠤᠨ ᠨᠢᠭᠡ ᠺᠢᠯᠣᠮᠧᠲᠷ︾ ᠮᠥᠨ᠃ ᠬᠦᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠨᠢ ᠬᠥᠳᠡᠭᠡ ᠲᠣᠰᠬᠤᠨ ᠤ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮ ᠡᠮᠨᠡᠯᠭᠡ ᠶᠢᠨ ᠪᠠᠲᠤᠯᠠᠭ᠎ᠠ ᠶᠢᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠡᠮᠴᠢᠯᠡᠭᠦᠯᠵᠦ ᠡᠮ ᠬᠤᠳᠠᠯᠳᠤᠨ ᠠᠪᠴᠤ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠬᠦᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠬᠤ ᠳᠤ ᠣᠷᠣᠭᠤᠯᠬᠤ ᠶᠢ ᠲᠦᠷᠭᠡᠪᠴᠢᠯᠡᠨ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠡᠯ᠎ᠡ ᠭᠠᠵᠠᠷ ᠤᠨ ᠬᠢᠨ ᠢ ᠵᠢᠯᠣᠭᠤᠳᠤᠨ ︽ᠨᠥᠬᠦᠴᠡᠯ ᠪᠦᠷᠢᠯᠳᠦᠭᠦᠯᠵᠦ᠂ ᠶᠠᠪᠤᠴᠠ ᠶᠢ ᠰᠢᠯᠢᠳᠡᠭᠵᠢᠭᠦᠯᠦᠨ᠂ ᠲᠣᠬᠢᠷᠠᠭᠤᠯᠤᠯᠲᠠ ᠶᠢ ᠴᠢᠩᠭᠠᠳᠬᠠᠵᠤ᠂ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠬᠤ︾ ᠵᠠᠷᠴᠢᠮ ᠶᠣᠰᠣᠭᠠᠷ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠳᠬᠡᠵᠦ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠴᠠᠭ ᠲᠤᠬᠠᠢ ᠳᠤᠨᠢ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠬᠤ ᠬᠡᠪᠴᠢᠶᠡᠨ ᠳᠤ ᠣᠷᠣᠭᠤᠯᠬᠤ ᠶᠢ ᠪᠠᠲᠤᠯᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠠᠢ ᠤᠯᠠᠨ ᠵᠠᠰᠠᠭ ᠵᠠᠬᠢᠷᠭᠠᠨ ᠤ ᠲᠣᠰᠬᠤᠨ ᠳᠤ ᠨᠠᠭᠠᠳᠤ ᠵᠠᠬ᠎ᠠ ᠳᠠᠭᠠᠨ 1 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠶᠢ ᠪᠠᠲᠤᠯᠠᠵᠤ᠂ ᠤᠯᠠᠨ ᠲᠦᠮᠡᠨ ᠤ ᠭᠡᠷ ᠤᠨ   ᠢᠶᠠᠨ ᠬᠠᠵᠠᠭᠤ ᠳᠤ ᠡᠮᠴᠢᠯᠡᠭᠦᠯᠦᠨ ᠡᠮ ᠬᠤᠳᠠᠯᠳᠣᠨ ᠠᠪᠬᠤ   ᠳᠤ ᠲᠥᠭᠦᠮ ᠪᠣᠯᠭᠠᠨ᠎ᠠ᠃ ᠲᠣᠰᠬᠤᠨ ᠤ ᠡᠮᠴᠢ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ  ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠬᠡᠷ ᠲᠤᠨᠢ ᠬᠦᠷᠴᠦ ᠲᠣᠭᠤᠷᠢᠨ ᠪᠠᠶᠢᠴᠠᠭᠠᠬᠤ ᠂ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠦᠢᠯᠡᠴᠢᠯᠡᠭᠡ  ᠵᠡᠷᠭᠡ ᠶᠢ ᠥᠷᠨᠢᠭᠦᠯᠦᠨ᠎ᠡ᠃ 2024 ᠣᠨ ᠤ 4 ᠰᠠᠷ᠎ᠠ ᠪᠣᠯᠲᠠᠯ᠎ᠠ᠂ ᠪᠥᠬᠦ ᠤᠯᠤᠰ ᠤᠨ ᠬᠡᠪ ᠤᠨ ᠡᠵᠡᠩᠨᠡᠯᠲᠡ ᠲᠠᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 58 ᠲᠦᠮᠡ ᠪᠠᠶᠢᠵᠤ᠂ ᠡᠭᠦᠨ ᠳᠤ 10 ᠲᠦᠮᠡᠨ ᠡᠷᠦᠬᠡ ᠶᠢ ᠡᠮ ᠡᠮᠨᠡᠯᠭᠡ ᠶᠢᠨ ᠳᠠᠭᠠᠳᠬᠠᠯ ᠤᠨ ᠲᠤᠰᠠᠭᠠᠷ ᠲᠣᠭᠲᠠᠭᠰᠠᠨ ᠴᠡᠭ ᠤᠨ ᠬᠡᠪᠴᠢᠶᠡᠨ ᠳᠤ ᠣᠷᠣᠭᠤᠯᠵᠤ᠂ ᠪᠠᠰᠠ 32 ᠲᠦᠮᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︽ᠬᠥᠳᠡᠭᠡ ᠲᠣᠰᠬᠤᠨ ᠢ ᠨᠢᠭᠡ ᠴᠤᠭᠴᠠᠵᠢᠭᠤᠯᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠶᠢ ᠪᠡᠶᠡᠯᠡᠭᠦᠯᠵᠦ᠂ ᠪᠥᠬᠦ ᠤᠯᠤᠰ ᠤᠨ 72% ᠢ ᠳᠠᠪᠠᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃      ᠵᠢᠷᠭᠤᠭ᠎ᠠ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠭᠡᠷ ᠪᠦᠯᠢ ᠶᠢᠨ ᠬᠦᠮᠦᠰ ᠬᠡᠷᠡᠭᠯᠡᠵᠦ ᠪᠣᠯᠣᠨ᠎ᠠ ᠤᠤ︖ ︽ᠭᠡᠷ ᠪᠦᠯᠢ ᠪᠠᠷ ᠢᠶᠠᠨ ᠬᠠᠮᠳᠣᠷᠠᠯᠴᠠᠨ ᠳᠠᠭᠠᠳᠬᠠᠯ ᠳᠤ ᠣᠷᠣᠵᠤ ᠪᠣᠯᠤᠨ᠎ᠠ᠂  ᠨᠠᠰᠣᠲᠠᠢ ᠨᠢᠯᠬ᠎ᠠ ᠶᠢ ᠪᠦᠬᠦᠨ ᠢ ᠬᠠᠪᠰᠣᠷᠣᠨ᠎ᠠ︾᠃ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠳᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠬᠠᠷᠠᠭᠠᠯᠵᠠᠬᠤ ᠬᠡᠪᠴᠢᠶ᠎ᠡ ᠶᠢ ᠣᠶᠢᠷ᠎ᠠ ᠲᠥᠷᠥᠯ ᠬᠦᠷᠲᠡᠯ᠎ᠡ ᠥᠷᠭᠡᠳᠬᠡᠨ᠎ᠡ ᠭᠡᠵᠦ ᠲᠣᠳᠣᠷᠬᠠᠶ ᠲᠣᠭᠲᠠᠭᠠᠵᠠᠶ᠃ ᠡᠭᠦᠨ ᠳᠤ ᠣᠶᠢᠷ᠎ᠠ ᠲᠥᠷᠥᠯ ᠭᠡᠳᠡᠭ ᠨᠢ ︽ᠢᠷᠭᠡᠨ ᠤ ᠬᠠᠤᠯᠢ ᠶᠢᠨ ᠪᠢᠴᠢᠭ︾ ᠲᠤ ᠲᠣᠭᠲᠠᠭᠠᠭᠰᠠᠨ ᠬᠠᠨᠢ ᠢᠵᠢᠯᠢ᠂ ᠡᠴᠢᠭᠡ ᠡᠬᠡ᠂ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ ᠢ ᠵᠢᠭᠠᠵᠤ ᠪᠠᠶᠢᠨ᠎ᠠ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠶᠢᠷ᠎ᠠ ᠲᠥᠷᠥᠯ ᠤᠨ ᠬᠤᠪᠢ ᠬᠦᠮᠦᠨ ᠬᠡᠷᠡᠭᠯᠡᠵᠦ ᠪᠣᠯᠣᠨ᠎ᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠣᠶᠢᠷ᠎ᠠ ᠲᠥᠷᠥᠯ  ᠨᠢ ᠡᠮ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠬᠤ ᠦᠶ᠎ᠡ ᠳᠤ ᠬᠤᠯᠪᠣᠭᠳᠠᠯ ᠪᠦᠬᠦᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠴᠢ ᠶᠢᠨ ᠬᠤᠪᠢ ᠬᠥᠮᠦᠨ ᠤ ᠳᠠᠩᠰᠠᠨ ᠡᠷᠦᠬᠡ ᠪᠠᠷ ᠲᠠᠰᠤᠯᠤᠨ ᠪᠣᠳᠣᠭᠰᠠᠨ ᠴᠤ ᠪᠣᠯᠤᠨ᠎ᠠ᠃ ︽ᠮᠡᠳᠡᠭᠳᠡᠯ︾ ᠳᠤ ᠱᠠᠭᠠᠷᠳᠠᠭᠰᠠᠨ ᠨᠢ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠬᠡᠷ ᠪᠦᠯᠢ ᠳᠤ ᠬᠠᠷᠢᠯᠴᠠᠨ ᠬᠠᠷᠠᠭᠠᠯᠵᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠬᠠᠷᠢᠯᠴᠠᠨ ᠬᠠᠷᠠᠭᠠᠯᠵᠠᠬᠤ ᠭᠠᠵᠠᠷ ᠣᠷᠣᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠶᠢ ᠢᠳᠡᠪᠬᠢᠲᠡᠶ ᠠᠬᠢᠭᠤᠯᠵᠤ᠂ ᠡᠨᠡ ᠵᠢᠯ ᠤᠨ ᠡᠴᠦᠰ ᠠᠴᠠ ᠡᠮᠦᠨ᠎ᠡ ᠪᠣᠶ ᠪᠥᠬᠦᠶ ᠮᠤᠵᠢ ᠣᠷᠣᠨ ᠤ ᠮᠤᠵᠢ ᠶᠢᠨ ᠳᠣᠲᠣᠭᠠᠳᠤ ᠳᠤ ᠬᠠᠷᠢᠯᠴᠠᠨ ᠬᠠᠷᠠᠭᠠᠯᠵᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠢᠷᠡᠬᠦ ᠵᠢᠯ ᠳᠤ ᠮᠤᠵᠢ ᠠᠯᠤᠰᠯᠠᠨ ᠬᠠᠷᠢᠯᠴᠠᠨ ᠬᠠᠷᠠᠭᠠᠯᠵᠠᠬᠤ ᠶᠢ ᠲᠦᠷᠭᠡᠪᠴᠢᠯᠡᠨ ᠠᠬᠢᠭᠤᠯᠤᠨ᠎ᠠ᠃      ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠂ ᠲᠦᠭᠰᠢᠭᠦᠷᠢ ᠶᠢᠨ ᠤᠬᠠᠮᠰᠠᠷ ᠢᠶᠠᠨ ᠲᠡᠭᠡᠭᠰᠢᠯᠡᠭᠦᠯᠦᠨ᠂ ᠰᠠᠭᠤᠷᠢ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠦᠷᠢᠮ ᠲᠣᠭᠳᠠᠭᠠᠯ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠰᠠᠶᠢᠲᠤᠷ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号