ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠰᠠᠭᠠᠳ ᠦᠭᠡᠢ ᠶᠠᠪᠤᠵᠦ ᠰᠠᠭᠤᠬᠤ ᠳᠤ ᠲᠦᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/2
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠬᠤᠢ ᠹᠧᠢ︶ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠮᠠᠨ ᠤ ᠠᠶᠢᠮᠠᠭ ᠤᠨ ᠬᠦᠨᠳᠦ ᠬᠦᠴᠢᠷᠳᠡᠯᠲᠡᠢ ᠵᠡᠮᠳᠡᠭᠴᠦᠳ ᠤᠨ ᠰᠠᠭᠠᠳ ᠦᠭᠡᠢ ᠶᠠᠪᠤᠵᠦ ᠰᠠᠭᠤᠬᠤ ᠳᠤ ᠲᠦᠭᠦᠮ ᠨᠦᠭᠦᠴᠡᠯ ᠬᠠᠨᠭ᠍ᠭᠠᠵᠦ ᠮᠡᠳᠡᠭᠳᠡᠮ᠎ᠠ ᠦᠷ᠎ᠡ ᠪᠦᠲᠦᠮᠵᠢ ᠣᠯᠪᠡ᠃ ᠣᠶᠢᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠰᠢᠩ ᠶᠣᠣ ᠪᠠᠯᠭᠠᠰᠤᠨ ᠤ ᠷᠦᠩ ᠶᠣᠣ ᠲᠣᠰᠬᠤᠨ ᠤ ᠯᠢ ᠼᠦᠢ ᠷᠦᠩ ᠤᠨ ᠳᠤ ᠰᠠᠭᠠᠳ ᠦᠭᠡᠢ ᠨᠠᠯᠠᠤ ᠵᠠᠮ ᠵᠠᠰᠠᠨ ᠦᠭᠴᠦ᠂ ᠡᠨᠡ ᠨᠢ ᠯᠢ ᠼᠦᠢ ᠷᠦᠩ ᠤᠨ ᠶᠠᠪᠤᠵᠤ ᠰᠠᠭᠤᠬᠤ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠂ ᠠᠮᠢᠳᠤᠷᠠᠯ ᠳᠤ ᠨᠢ ᠲᠤᠩ ᠲᠥᠬᠦᠮ ᠦᠵᠡᠭᠦᠯᠵᠠᠢ᠃      ᠯᠢ ᠼᠦᠢ ᠷᠦᠩ ᠪᠣᠯ ᠬᠤᠶᠠᠳᠤᠭᠠᠷ ᠳᠡᠰ ᠤᠨ ᠵᠡᠮᠳᠡᠭ ᠬᠥᠮᠥᠨ᠂ ᠭᠡᠷ ᠤᠨ ᠭᠢᠨᠢ ᠣᠷᠣᠵᠤ ᠭᠠᠷᠬᠤ ᠭᠠᠵᠠᠷ ᠨᠡᠯᠢᠶᠡᠳ ᠥᠨᠳᠥᠷ ᠪᠣᠯᠬᠤᠷ ᠤᠷᠳᠤ ᠬᠤᠭᠤᠴᠠᠭᠠᠨ ᠤ ᠲᠤᠷᠰᠢ ᠲᠦᠢᠯ ᠤᠨ ᠳᠥᠭᠦᠮ ᠦᠭᠡᠢ ᠪᠠᠶᠢᠵᠤ᠂ ᠲᠠᠩᠳᠠ ᠭᠡᠷ ᠤᠨ ᠬᠥᠮᠥᠰ ᠢᠶᠠᠷ ᠢᠶᠠᠨ ᠬᠠᠮᠵᠢᠭᠤᠯᠳᠠᠭ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠡᠵᠢᠯᠲᠠᠳ ᠪᠣᠯᠣᠨ ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠶᠢ ᠵᠤᠬᠢᠶᠠᠨ ᠪᠠᠶᠢᠭᠤᠯᠤᠨ ᠤᠯᠠᠨ ᠤᠳᠠᠭ᠎ᠠ ᠡᠷᠦᠬᠡ ᠳᠤ ᠭᠦᠨᠵᠡᠭᠡᠶᠢᠷᠡᠨ ᠪᠠᠶᠢᠳᠠᠯ ᠢ ᠤᠶᠢᠯᠠᠭᠠᠬᠰᠠᠨ ᠤ ᠲᠠᠷᠠᠭ᠎ᠠ᠂ ᠯᠢ ᠼᠦᠢ ᠷᠦᠩ ᠤᠨ ᠬᠢᠨ ᠳᠤ ᠰᠠᠭᠠᠳ ᠦᠭᠡᠢ ᠨᠠᠯᠠᠤ ᠵᠠᠮ ᠢ ᠵᠠᠰᠠᠵᠦ ᠦᠭᠭᠦᠭᠰᠡᠨ ᠨᠢ ᠡᠨᠡ ᠪᠠᠶᠢᠵᠠᠢ᠃      ᠤᠶᠢᠯᠠᠭᠠᠭᠰᠠᠨ ᠢᠶᠠᠷ᠂ ᠡᠨᠡ ᠵᠢᠯ ᠮᠠᠨ ᠤ ᠠᠶᠢᠮᠠᠭ 500 ᠡᠷᠦᠬᠡ ᠬᠦᠨᠳᠦ ᠬᠦᠴᠢᠷᠳᠡᠯᠲᠡᠢ ᠵᠡᠮᠳᠡᠭᠴᠦᠳ ᠤᠨ ᠭᠡᠷ ᠲᠤ ᠰᠠᠭᠠᠳ ᠦᠭᠡᠢ ᠶᠠᠪᠤᠵᠦ ᠰᠠᠭᠤᠬᠤ ᠥᠭᠡᠷᠡᠴᠢᠯᠡᠯᠲᠡ ᠬᠢᠬᠦ ᠪᠠᠷ ᠲᠥᠯᠥᠪᠯᠡᠵᠦ᠂ ᠣᠳᠣᠬᠠᠨ ᠳᠤ᠂ ᠡᠷᠦᠬᠡ ᠳᠤ ᠬᠦᠷᠴᠦ ᠰᠢᠭᠰᠢᠨ ᠪᠠᠶᠢᠴᠠᠭᠠᠬᠤ᠂ ᠬᠢᠨᠠᠨ ᠬᠠᠷᠭᠤᠭᠤᠯᠵᠤ ᠳᠠᠩᠰᠠᠯᠠᠬᠤ ᠵᠡᠷᠭᠡ ᠲᠦᠷᠦᠭᠦᠴᠢ ᠶᠢᠨ ᠬᠤᠭᠤᠴᠠᠭᠠᠨ ᠤ ᠠᠵᠢᠯ ᠢ ᠤᠷᠤᠭᠰᠢᠲᠠᠢ ᠪᠡᠶᠡᠯᠡᠭᠦᠯᠵᠦ᠂ ᠡᠯ᠎ᠡ ᠭᠠᠵᠠᠷ ᠤᠨ ᠥᠭᠡᠷᠡᠴᠢᠯᠡᠬᠦ ᠲᠥᠰᠥᠯ ᠢ ᠴᠥᠮ ᠲᠣᠬᠢᠷᠠᠭᠤᠯᠵᠤ ᠳᠠᠭᠤᠰᠬᠠᠭᠰᠠᠨ ᠪᠥᠭᠡᠳ ᠬᠡᠷᠡᠭᠵᠢᠭᠦᠯᠬᠦ ᠱᠠᠲᠤᠨ ᠳᠤ ᠤᠷᠤᠪᠠ᠃      ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠪᠠ ᠪᠡᠯᠡ ᠮᠥᠩᠭᠦ ᠶᠢ ᠪᠦᠲᠦᠮᠵᠢᠲᠡᠶ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠥᠭᠡᠷᠡᠴᠢᠯᠡᠯᠲᠡ ᠶᠢᠨ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠪᠡ᠃ ᠡᠭᠦᠨ ᠤ ᠬᠠᠮᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯᠣᠨ ᠲᠦᠷᠦᠯ ᠵᠦᠢᠯ ᠤᠨ ᠠᠬᠢᠴᠠ ᠶᠢᠨ ᠮᠥᠷᠳᠡᠯᠲᠡ ᠶᠢ ᠴᠢᠩᠭᠠᠳᠬᠠᠵᠤ᠂ ᠪᠡᠯᠡ ᠮᠥᠩᠭᠦ ᠨᠢᠭᠡᠪᠦᠷᠢ ᠶᠢ ᠪᠣᠳᠠᠲᠠᠢ ᠳᠤ ᠬᠡᠷᠡᠭᠯᠡᠵᠦ᠂ ᠥᠭᠡᠷᠡᠴᠢᠯᠡᠯᠲᠡ ᠨᠢᠭᠡᠪᠦᠷᠢ ᠳᠤ ᠴᠥᠮ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠠᠢ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠨᠥᠬᠦᠴᠡᠯ ᠳᠤ ᠨᠡᠶᠢᠴᠡᠬᠦ ᠵᠡᠮᠳᠡᠭᠴᠦᠳ ᠨᠢᠭᠡᠪᠦᠷᠢ ᠳᠤ ᠴᠥᠮ ᠰᠠᠭᠠᠳ ᠦᠭᠡᠢ ᠶᠠᠪᠤᠵᠦ ᠰᠠᠭᠤᠬᠤ ᠳᠥᠭᠦᠮ ᠨᠥᠬᠦᠴᠡᠯ ᠢ ᠡᠳ᠋ᠯᠡᠭᠦᠯᠦᠨ᠎ᠠ ᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号