ᠡᠯᠪᠡᠭ ᠬᠤᠷᠢᠶᠠᠯᠲᠠ ᠶᠢᠨ ᠪᠠᠶᠠᠰᠤᠯ
ᠨᠡᠶᠢᠲᠡᠯᠡᠭᠰᠡᠨ ᠴᠠᠭ᠄
2024/9/2
     ᠤᠶᠢᠷ᠎ᠠ ᠶᠢᠨ ᠡᠲᠥᠷ᠂ ᠵᠡᠬᠦᠨ ᠥᠵᠥᠮᠥᠴᠢᠨ ᠬᠤᠰᠢᠭᠤᠨ ᠤ ᠲᠠᠭᠤᠲᠤᠨᠠᠭᠤᠷ ᠪᠠᠯᠭᠠᠰᠤ ᠭᠤᠷᠪᠠᠲᠤᠭᠠᠷ ᠬᠤᠭᠤᠴᠠᠭᠠᠨ ᠤ ︽ᠬᠠᠮᠤᠭ ᠤᠨ ᠭᠤᠶᠤ ᠬᠤᠷᠠᠭ᠎ᠠ︾ ᠥᠨ᠎ᠠ ᠬᠠᠶᠠᠯᠴᠠᠬᠤ ᠬᠤᠲᠠᠯᠲᠤᠭ᠎ᠠ ᠵᠢᠴᠢ ︽ᠰᠠᠭᠠᠯᠢ ᠶᠢᠨ ᠥᠨᠥᠷ ᠲᠠᠢ ᠰᠢᠷᠭᠠᠯ ᠨᠠᠮᠤᠷ︾ ᠴᠠᠭᠠᠨ ᠢᠲᠡᠭᠡᠨ ᠤ ᠥᠵᠡᠬᠦᠯᠭᠡ ᠶᠢᠨ ᠰᠢᠷᠢᠰ ᠠᠵᠢᠯᠯᠠᠭ᠎ᠠ ᠥᠷᠨᠢᠬᠦᠯᠵᠥ᠂ ᠮᠠᠯᠴᠢᠨ ᠲᠥᠮᠡᠨ ᠳᠤ ᠬᠠᠷᠢᠯᠴᠠᠨ ᠲᠤᠷᠰᠢᠯᠭ᠎ᠠ ᠰᠤᠯᠢᠯᠴᠠᠬᠤ ᠲᠠᠪᠴᠠᠩ ᠬᠠᠨᠭ᠍ᠭᠠᠵᠥ᠂ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢ ᠬᠠᠮᠲᠤᠪᠠᠷ ᠡᠳ᠋ᠯᠡᠬᠦ ᠶᠢᠨ ᠲᠠᠭᠠᠥ ᠥᠵᠡᠰᠬᠦᠯᠡᠩᠲᠤ ᠰᠠᠶᠢᠬᠠᠨ ᠤᠮᠠᠷᠠᠲᠤ ᠬᠢᠯᠢ ᠶᠢᠨ ᠰᠤᠶᠤᠯ  ᠢ ᠤᠯᠠᠮ ᠨᠢᠭᠡ ᠠᠯᠬᠤᠮ ᠲᠠᠨᠢᠯᠴᠠᠭᠤᠯᠤᠨ ᠤᠬᠠᠭᠤᠯᠤᠯ᠎ᠠ᠃      ᠰᠢᠷᠢᠰ ᠠᠵᠢᠯᠯᠠᠭ᠎ᠠ ᠨᠢ ᠮᠠᠯ ᠤᠨ ᠠᠲᠠᠯᠢᠳᠬᠠᠯ᠂ ᠴᠠᠭᠠᠨ ᠢᠲᠡᠭᠡᠨ ᠤ ᠥᠵᠡᠬᠦᠯᠭᠡ᠂ ᠮᠠᠯ ᠤᠨ ᠥᠨ᠎ᠠ ᠬᠠᠶᠠᠯᠴᠠᠬᠤ ᠬᠤᠲᠠᠯᠲᠤᠭ᠎ᠠ᠂ ︽ᠠᠯᠲᠠᠨ ᠨᠠᠮᠤᠷ ᠤᠨ ᠰᠤᠷᠤᠯᠭ᠎ᠠ ᠲᠡᠳᠬᠦᠬᠦ︾ ᠠᠵᠢᠯᠯᠠᠭ᠎ᠠ ᠵᠢᠴᠢ ᠮᠤᠩᠭᠤᠯ ᠰᠢᠲᠠᠷ᠎ᠠ ᠶᠢᠨ ᠤᠷᠤᠯᠲᠤᠭᠠᠨ ᠵᠡᠷᠭᠡ ᠲᠠᠪᠤᠨ ᠠᠭᠤᠯᠭ᠎ᠠ ᠪᠠᠷ ᠶᠠᠪᠤᠭᠲᠠᠵᠠᠢ᠃ ᠠᠵᠢᠯᠯᠠᠭ᠎ᠠ ᠳᠤ ᠨᠠᠮ ᠤᠨ ᠬᠡᠰᠢᠬᠦᠨ᠂ ᠺᠠᠳ᠋ᠷ ᠨᠠᠷ ᠠᠴᠠ ︽ᠬᠠᠭᠤᠴᠢᠨ ᠬᠤᠴᠤᠷᠤᠩᠭᠤᠢ ᠵᠠᠩ ᠲᠠᠳᠬᠠᠯ  ᠢ ᠥᠭᠡᠷᠡᠴᠢᠯᠡᠬᠦ ᠶᠢ ᠪᠢ ᠤᠷᠢᠶᠠᠯᠠᠶ᠎ᠠ︾ ᠭᠡᠬᠦ ᠭᠤᠤᠯ ᠰᠡᠲᠤᠪᠲᠤ ᠪᠢᠴᠢᠭᠡᠰᠥ ᠲᠡᠭᠡᠷ᠎ᠠ ᠭᠠᠷ ᠤᠨ ᠥᠰᠥᠭ ᠵᠢᠷᠤᠵᠥ᠂ ᠪᠤᠲᠠᠲᠤ ᠠᠵᠢᠯᠯᠠᠭ᠎ᠠ ᠪᠠᠷ ᠬᠠᠭᠤᠴᠢᠨ ᠬᠤᠴᠤᠷᠤᠩᠭᠤᠢ ᠵᠠᠩ ᠲᠠᠳᠬᠠᠯ ᠢ ᠥᠭᠡᠷᠡᠴᠢᠯᠡᠬᠦ ᠲᠤᠮᠲᠠ ᠲᠠᠭᠠᠭᠤᠯᠤᠭᠴᠢ ᠶᠢᠨ ᠥᠢᠯᠡᠲᠥᠯ ᠢᠶᠠᠨ ᠪᠠᠲᠠᠷᠠᠭᠤᠯᠵᠥ᠂ ᠪᠤᠯᠪᠠᠰᠤᠨ ᠰᠢᠨ᠎ᠠ ᠬᠡᠪ ᠰᠤᠷᠲᠠᠯ  ᠢ ᠪᠠᠲᠠᠷᠠᠭᠤᠯᠬᠤ ᠪᠠᠷ ᠤᠷᠢᠶᠠᠯᠠᠵᠠᠢ᠃      ᠮᠠᠯ ᠤᠨ ᠠᠲᠠᠯᠢᠳᠬᠠᠯ ᠳᠤ᠂ ᠮᠠᠯ ᠤᠨ ᠡᠬᠦᠯᠲᠡᠷ ᠤᠨ ᠤᠨᠴᠠᠯᠢᠭ᠂ ᠪᠡᠶ᠎ᠠ ᠶᠢᠨ ᠬᠡᠯᠪᠡᠷᠢ ᠪᠠᠶᠢᠲᠠᠯ᠂ ᠲᠠᠷᠭᠤ ᠬᠥᠴᠥ ᠵᠡᠷᠭᠡ ᠶᠢ ᠥᠨᠲᠤᠰᠤᠯᠡᠨ ᠶᠡᠷᠥᠩᠭᠡᠶᠢᠯᠡᠨ ᠠᠲᠠᠯᠢᠳᠬᠠᠨ ᠰᠢᠯᠭᠠᠷᠠᠭᠤᠯᠵᠥ᠂ ᠥᠵᠥᠮᠥᠴᠢᠨ ᠬᠤᠨᠢᠨ ᠤ ᠪᠥᠲᠥᠬᠦᠨ ᠬᠤᠴᠠ᠂ ᠡᠮ᠎ᠠ ᠬᠤᠨᠢ᠂ ᠲᠥᠯᠥᠭᠡᠨ ᠬᠤᠴᠠ᠂ ᠥᠬᠢᠨ ᠲᠥᠯᠥᠭᠡ᠂ ᠰᠢᠮᠧᠨ᠋ᠲ᠋ᠠᠷ ᠥᠭᠡᠷ ︵ᠲᠤᠭᠤᠯ︶ ᠵᠡᠷᠭᠡ 10 ᠲᠥᠷᠥᠯ ᠤᠨ ᠮᠠᠯ ᠤᠨ ᠰᠢᠯᠭᠠᠷᠠᠭᠤᠯᠤᠯᠲᠠ ᠬᠢᠵᠥ᠂ ᠬᠤᠷᠠᠭᠠᠨ ᠤ ᠥᠨ᠎ᠠ ᠬᠠᠶᠠᠯᠴᠠᠭᠠᠨ ᠳᠤ ᠨᠠᠶᠢᠷᠠᠮᠲᠠᠯ ᠭᠠᠴᠠᠭᠠᠨ ᠤ ᠭᠠᠯᠪᠠᠲᠠᠷᠠᠬᠤ ᠶᠢᠨ ᠬᠤᠷᠠᠭᠠᠨ ᠬᠤᠴᠠ ᠨᠢ 6500 ᠲᠥᠭᠦᠷᠢᠭ ᠤᠨ ᠥᠨᠲᠤᠷ ᠥᠨ᠎ᠠ ᠳᠤ ᠬᠥᠷᠪᠠ᠃ ᠮᠠᠯ ᠤᠨ ᠥᠨ᠎ᠠ ᠬᠠᠶᠠᠯᠴᠠᠭᠠᠨ ᠨᠢ ᠮᠠᠯᠴᠢᠳ ᠤᠨ ᠰᠠᠶᠢᠨ ᠡᠬᠦᠯᠲᠡᠷ ᠤᠨ ᠮᠠᠯ ᠮᠠᠯᠵᠢᠬᠤ ᠢᠲᠡᠪᠬᠢᠵᠢᠯ  ᠢ ᠤᠯᠠᠮ ᠲᠠᠶᠢᠴᠢᠯᠠᠵᠥ᠂ ᠥᠵᠥᠮᠥᠴᠢᠨ ᠬᠤᠨᠢᠨ ᠤ ᠨᠡᠷᠡᠲᠥ ᠲᠡᠮᠲᠡᠭ ᠤᠨ ᠠᠯᠲᠠᠷᠰᠢᠯ ᠢ ᠲᠡᠭᠡᠭᠰᠢᠯᠡᠬᠦᠯᠬᠦ ᠳᠤ ᠰᠢᠨ᠎ᠠ ᠬᠥᠲᠡᠯᠭᠡᠬᠦ ᠬᠥᠴᠥᠨ ᠨᠡᠮᠡᠷᠢᠯᠡᠪᠡ᠃ ᠴᠠᠭᠠᠨ ᠢᠲᠡᠭᠡᠨ ᠤ ᠥᠵᠡᠬᠦᠯᠭᠡ ᠳᠤ ᠤᠯᠠᠮᠵᠢᠯᠠᠯᠲᠤ ᠴᠠᠭᠠᠨ ᠢᠲᠡᠭᠡ᠂ ᠰᠢᠨ᠎ᠠ ᠮᠠᠶ᠋ᠢᠭ ᠤᠨ ᠴᠠᠭᠠᠨ ᠢᠲᠡᠭᠡ᠂ ᠴᠠᠭᠠᠨ ᠢᠲᠡᠭᠡᠨ ᠤ ᠪᠤᠭᠤᠲᠠᠯ ᠪᠠᠭᠯᠠᠭ᠎ᠠ ᠶᠢᠨ ᠵᠢᠷᠤᠭ ᠲᠥᠯᠥᠪᠯᠡᠭᠡ ᠬᠢᠬᠦ ᠭᠤᠷᠪᠠᠨ ᠲᠠᠯ᠎ᠠ ᠠᠴᠠ ᠠᠲᠠᠯᠢᠳᠬᠠᠯ ᠬᠢᠵᠥ᠂ ᠮᠠᠯᠴᠢᠳ ᠴᠠᠭᠠᠨ ᠢᠲᠡᠭᠡᠨ ᠤ ᠠᠲᠠᠯᠢᠳᠬᠠᠯ ᠳᠤ ᠤᠷᠤᠯᠴᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠪᠤᠷᠤᠯᠠᠭᠤᠯᠭ᠎ᠠ ᠬᠢᠪᠡ᠃ ︽ᠠᠯᠲᠠᠨ ᠨᠠᠮᠤᠷ ᠤᠨ ᠰᠤᠷᠤᠯᠭ᠎ᠠ ᠲᠡᠳᠬᠦᠬᠦ︾ ᠠᠵᠢᠯᠯᠠᠭ᠎ᠠ ᠳᠤ᠂ ᠪᠠᠶ᠋ᠬᠠᠠᠭᠤᠯᠠ ᠭᠠᠴᠠᠭᠠᠨ ᠤ ᠮᠠᠯᠴᠢᠨ ᠥᠷᠭᠡᠨᠲᠠᠯᠠᠢ ᠪᠠᠯᠭᠠᠰᠤᠨ ᠤ ᠪᠠᠨ 21 ᠰᠤᠷᠤᠭᠴᠢ ᠳᠤ ᠨᠡᠶᠢᠲᠡ 14000 ᠲᠥᠭᠦᠷᠢᠭ ᠤᠨ ᠲᠡᠳᠬᠦᠮᠵᠢ ᠶᠢᠨ ᠮᠥᠡᠭᠭᠦ ᠬᠠᠨᠲᠢᠪᠯᠠᠵᠥ᠂ ᠰᠤᠷᠤᠭᠴᠢᠳ ᠢ ᠬᠢᠴᠢᠶᠡᠯ ᠰᠤᠷᠤᠯᠭ᠎ᠠ ᠳᠠᠭᠠᠨ ᠰᠢᠮᠲᠠᠨ ᠡᠷᠲᠡᠮ ᠴᠢᠲᠠᠪᠤᠷᠢ ᠡᠵᠡᠮᠰᠢᠵᠥ᠂ ᠤᠯᠤᠰ ᠤᠷᠤᠨ ᠳᠠᠭᠠᠨ ᠬᠤᠪᠢ ᠨᠡᠮᠡᠷᠢ ᠥᠵᠡᠬᠦᠯᠬᠦ ᠶᠢ ᠬᠥᠰᠡᠨ ᠵᠥᠡᠭᠨᠡᠯ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号