ᠰᠢᠯᠢ ᠶᠢᠨ ᠬᠤᠲᠠ ᠶᠢᠨ ᠠᠳᠤᠭᠤᠨ ᠰᠣᠶᠣᠯ ᠤᠨ ᠰᠤᠶᠤᠯ ᠤᠨ ᠪᠦᠲᠦᠭᠡᠭᠳᠡᠬᠦᠨ ᠤ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/9/2
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠭᠧᠩ ᠮᠢᠨ ᠳᠠᠳᠤᠯᠭ᠎ᠠ ᠶᠢᠨ ᠰᠤᠷᠪᠤᠯᠵᠢᠯᠠᠭᠴᠢ ᠵᠠᠩ ᠽᠢ ᠸᠧᠨ︶ ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠰᠣᠶᠣᠯ ᠤᠨ ᠪᠦᠲᠦᠭᠡᠭᠳᠡᠬᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 20 ᠤ ᠡᠳᠦᠷ᠂ ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠰᠣᠶᠣᠯ ᠤᠨ ᠪᠦᠲᠦᠭᠡᠭᠳᠡᠬᠦᠨ ᠤ ᠨᠡᠶᠢᠭᠡᠮᠯᠢᠭ ᠪᠠᠶᠢᠭᠤᠯᠤᠭᠳᠠᠪᠠ᠃      ᠨᠡᠶᠢᠬᠡᠮᠯᠢᠭ ᠪᠠᠶᠢᠭᠤᠯᠤᠭᠳᠠᠬᠤ ᠬᠤᠷᠠᠯ ᠠᠴᠠ ︽ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠰᠣᠶᠣᠯ ᠤᠨ ᠪᠦᠲᠦᠭᠡᠭᠳᠡᠬᠦᠨ ᠤ ᠨᠡᠶᠢᠭᠡᠮᠯᠢᠭ ᠤᠨ ᠳᠦᠷᠢᠮ ︵ᠲᠥᠰᠥᠯ︶︾᠂ ︽ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠰᠣᠶᠣᠯ ᠤᠨ ᠪᠦᠲᠦᠭᠡᠭᠳᠡᠬᠦᠨ ᠤ ᠨᠡᠶᠢᠭᠡᠮᠯᠢᠭ ᠤᠨ ᠬᠠᠮᠢᠶᠠᠷᠤᠯᠲᠠ ᠶᠢᠨ ᠠᠷᠭ᠎ᠠ ︵ᠲᠥᠰᠥᠯ︶︾  ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠪᠦᠷᠢᠯᠳᠦᠭᠦᠨ ᠢ ᠰᠣᠩᠭᠤᠨ ᠭᠠᠷᠭᠠᠪᠠ᠃      ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠰᠣᠶᠣᠯ ᠤᠨ ᠪᠦᠲᠦᠭᠡᠭᠳᠡᠬᠦᠨ ᠤ ᠨᠡᠶᠢᠭᠡᠮᠯᠢᠭ ᠤᠨ ᠳᠠᠷᠤᠭ᠎ᠠ ᠪᠤᠯᠠᠭ ᠢᠯᠡᠷᠬᠡᠶᠢᠯᠡᠬᠦ ᠳᠡᠭᠡᠨ᠄ ︽ᠨᠡᠶᠢᠭᠡᠮᠯᠢᠭ ᠪᠠᠶᠢᠭᠤᠯᠤᠭᠳᠠᠭᠰᠠᠨ ᠶᠠᠪᠤᠳᠠᠯ ᠨᠢ ᠣᠷᠣᠨ ᠨᠤᠲᠤᠭ ᠤᠨ ᠰᠣᠶᠣᠯ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠴᠢᠶᠠᠯᠠᠪᠤᠷᠢ ᠪᠠ ᠲᠠᠪᠴᠠᠩ ᠬᠠᠩᠭᠠᠭᠰᠠᠨ ᠪᠠᠶᠢᠨ᠎ᠠ᠃ ᠬᠤᠶᠢᠰᠢᠳᠠ ᠮᠠᠨ ᠤ ᠨᠡᠶᠢᠭᠡᠮᠯᠢᠭ ᠨᠢ ᠠᠳᠤᠭᠤᠨ ᠰᠣᠶᠣᠯ ᠢ ᠠᠭᠤᠳᠠᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠪᠦᠲᠦᠭᠡᠭᠳᠡᠬᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠰᠢᠨ᠎ᠡ ᠵᠠᠭᠪᠤᠷ ᠢ ᠢᠳᠡᠪᠬᠢᠲᠠᠢ ᠬᠠᠶᠢᠨ ᠰᠦᠪᠡᠭᠴᠢᠯᠡᠵᠦ᠂ ᠰᠢᠯᠢ ᠶᠢᠨ ᠬᠤᠲᠠ ᠶᠢᠨ ᠣᠷᠣᠨ ᠪᠦᠰᠡ ᠶᠢᠨ ᠰᠣᠶᠣᠯ᠂ ᠣᠨᠴᠠᠯᠢᠭᠲᠤ ᠰᠣᠶᠣᠯ᠂ ᠦᠨᠳᠦᠰᠦᠲᠡᠨ ᠤ ᠰᠣᠶᠣᠯ ᠤᠨ ᠨᠡᠷᠡᠲᠦ ᠲᠡᠮᠳᠡᠭ ᠢ ᠬᠦᠴᠦᠯᠡᠨ ᠪᠠᠶᠢᠭᠤᠯᠤᠨ᠎ᠠ︾ ᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号