ᠮᠠᠨ ᠤ ᠣᠷᠣᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ 777.91 ᠲᠦᠮᠡᠨ ᠬᠥᠮᠥᠨ ᠤᠳᠠᠭ᠎ᠠ ᠎ ᠶᠢᠨ ᠵᠢᠭᠤᠯᠴᠢᠯᠠᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/9/20
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠎ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ 3 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 777.91 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2023 ᠣᠨ ᠤ ᠠᠳᠠᠯᠢ ᠬᠤᠭᠤᠴᠠᠭᠠᠨ ᠤ 1.20 ᠳᠠᠭᠢᠨ᠂ 2019 ᠣᠨ ᠤ ᠠᠳᠠᠯᠢ ᠬᠤᠭᠤᠴᠠᠭᠠᠨ ᠤ 1.81 ᠳᠠᠭᠢᠨ ᠎ ᠳᠤ ᠭᠦᠷᠪᠡ; ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠶᠡᠷᠦᠩᠬᠡᠢ ᠬᠡᠷᠡᠭᠯᠡᠭᠡ 52.6 ᠳ᠋ᠦᠩᠰᠢᠭᠤᠷ ᠲᠥᠭᠦᠷᠢᠭ ᠬᠦᠷᠴᠦ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2023 ᠣᠨ ᠤ ᠠᠳᠠᠯᠢ ᠬᠤᠭᠤᠴᠠᠭᠠᠨ ᠤ 1.29 ᠳᠠᠭᠢᠨ᠂ 2019 ᠣᠨ ᠤ ᠠᠳᠠᠯᠢ ᠬᠤᠭᠤᠴᠠᠭᠠᠨ ᠤ 1.15 ᠳᠠᠭᠢᠨ ᠳᠤ ᠬᠦᠷᠴᠡᠢ᠃      ᠪᠦᠭᠦ ᠣᠷᠣᠨ ᠤ ᠡᠯ᠎ᠡ ᠭᠠᠵᠠᠷ ᠤᠨ ᠬᠢᠨ ᠨᠠᠮᠤᠷ ᠤᠨ ᠤᠯᠠᠷᠢᠯ ᠤᠨ ᠣᠨᠴᠠᠯᠢᠭ ᠲᠤ ᠲᠣᠬᠢᠷᠠᠭᠤᠯᠤᠨ ᠡᠯᠪᠡᠭ ᠪᠠᠶᠠᠯᠢᠭ ᠵᠢᠭᠤᠯᠴᠢᠯᠠᠯ ᠤᠨ ᠵᠠᠮ ᠱᠤᠭᠤᠮ ᠪᠣᠯᠣᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠨ ᠥᠷᠨᠢᠭᠦᠯᠪᠡ᠃ ᠭᠦᠭᠡᠬᠤᠲᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠵᠢᠭᠤᠯᠴᠢᠯᠠᠬᠰᠠᠳ ᠪᠣᠭᠤᠮᠲᠠ ᠶᠢᠨ ᠬᠠᠭᠤᠴᠢᠨ ᠵᠡᠭᠡᠯᠢ ᠳᠤ ᠲᠣᠬᠯᠠᠯᠲᠠ ᠰᠣᠨᠢᠷᠬᠠᠨ᠂ ᠲᠠᠯ᠎ᠠ ᠨᠤᠲᠤᠭ ᠤᠨ ᠵᠠᠩ ᠦᠢᠯᠡ ᠶᠢ ᠣᠶᠢᠯᠠᠭᠠᠵᠤ᠂ ᠠᠮᠠᠷᠠᠯᠲᠠ ᠶᠢᠨ ᠡᠳᠦᠷ ᠢᠶᠠᠨ ᠪᠠᠶᠠᠷ ᠭᠦᠷ ᠲᠠᠢ ᠦᠩᠭᠡᠷᠡᠭᠦᠯᠵᠡᠢ; ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠬᠠᠢ ᠦᠵᠡᠮᠵᠢ ᠶᠢᠨ ᠣᠷᠣᠨ ᠳᠤ ᠤᠳᠪᠠᠯᠠ ᠴᠡᠴᠡᠭ ᠥᠩᠭᠡ ᠢᠯᠭᠠᠷᠠᠨ ᠳᠡᠯᠭᠡᠷᠡᠵᠦ᠂ ᠴᠡᠴᠡᠭ ᠰᠣᠨᠢᠷᠬᠠᠬᠤ ᠵᠢᠭᠤᠯᠴᠢᠯᠠᠯ ᠢ ᠨᠠᠢᠮᠠᠨ ᠰᠠᠷ᠎ᠠ ᠶᠢᠨ ᠲᠡᠷᠭᠡᠯ ᠪᠠᠶᠠᠷ ᠲᠠᠢ ᠤᠶᠠᠯᠳᠤᠭᠤᠯᠵᠤ ᠬᠤᠯᠠ ᠣᠶᠢᠷ᠎ᠠ ᠶᠢᠨ ᠵᠢᠭᠤᠯᠴᠢᠯᠠᠬᠰᠠᠳ ᠢ ᠤᠭᠲᠤᠵᠠᠢ᠃      ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠮᠠᠨ ᠤ ᠣᠷᠣᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠵᠢᠯᠯᠠᠭ᠎ᠠ ᠪᠠᠷ ᠳᠠᠮᠵᠢᠨ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠤᠯᠠᠭᠠᠨᠬᠠᠳᠠ ᠬᠤᠲᠠ︽ᠤᠮᠠᠷᠠᠲᠤ ᠬᠢᠯᠢ ᠶᠢᠨ ᠤᠯᠠᠭᠠᠨ ᠠᠨᠠᠷ︾ ᠰᠢᠷᠢᠰ ᠠᠵᠢᠯᠯᠠᠭ᠎ᠠ ᠡᠷᠭᠢᠯᠡᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠠᠢ; ᠤᠯᠠᠭᠠᠨᠴᠠᠪ ᠬᠤᠲᠠ ︽ᠤᠯᠠᠭᠠᠨᠴᠠᠪ ᠤᠨ ᠦᠳᠡᠰᠢ︾᠎ ᠶᠢᠨ ᠲᠣᠭᠤᠷᠢᠨ ᠳᠤ ᠬᠤᠲᠠ ᠶᠢᠨ ᠰᠥᠨᠢ ᠶᠢᠨ ᠦᠵᠡᠮᠵᠢ ᠶᠢ ᠴᠣᠭᠴᠠᠯᠠᠨ᠂ ᠳᠥᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠬᠰᠠᠳ ᠲᠤ ᠡᠬᠡ ᠤᠯᠤᠰ ᠤᠨ ᠤᠮᠠᠷᠠᠲᠤ ᠬᠢᠯᠢ ᠶᠢᠨ ᠨᠠᠮᠤᠷ ᠤᠨ ᠰᠥᠨᠢ ᠶᠢᠨ ᠥᠪᠡᠷᠮᠢᠴᠡ ᠰᠠᠶᠢᠬᠠᠨ ᠢ ᠮᠡᠳᠡᠷᠡᠭᠦᠯᠵᠡᠢ; ᠬᠢᠩᠭᠠᠨ ᠠᠶᠢᠮᠠᠭ ᠤᠨ ᠮᠦᠽᠧᠢ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠬᠤ ᠤᠮᠠᠷᠠᠲᠤ ᠬᠢᠯᠢ ᠶᠢᠨ ᠥᠪᠥᠷ ᠮᠣᠩᠭᠤᠯ ᠤᠨ ᠳᠦᠷᠢ ᠲᠥᠷᠬᠦ ᠶᠢᠨ ᠭᠤᠣᠯ ᠰᠡᠳᠦᠪᠲᠦ ᠤᠷᠠᠨ ᠵᠢᠷᠤᠭ ᠤᠨ ᠦᠵᠡᠰᠭᠦᠯᠡᠩ︾ ᠭᠠᠷᠭᠠᠨ ᠡᠷᠲᠡᠨ ᠤ ᠲᠠᠯ᠎ᠠ ᠨᠤᠲᠤᠭ ᠤᠨ ᠰᠣᠶᠣᠯ ᠤᠨ ᠴᠡᠴᠡᠭᠯᠡᠯ ᠬᠢᠭᠡᠳ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠤᠯᠠᠮᠵᠢᠯᠠᠯᠲᠤ ᠵᠠᠩ ᠵᠠᠩᠰᠢᠯ ᠤᠨ ᠠᠭᠤᠰᠤᠯᠴᠠᠯ ᠢ ᠳᠡᠯᠭᠡᠨ ᠦᠵᠡᠭᠦᠯᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠦᠨ ᠵᠤᠵᠠᠭᠠᠨ ᠠᠭᠤᠯᠤᠭᠳᠠᠬᠤᠨ ᠢ ᠬᠠᠶᠢᠨ ᠰᠢᠨᠵᠢᠯᠡᠵᠦ᠂ ᠬᠦᠷᠦᠯᠴᠡᠨ ᠢᠷᠡᠭᠰᠡᠨ ᠵᠢᠭᠤᠯᠴᠢᠯᠠᠬᠰᠠᠳ ᠲᠤ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠮᠢᠩᠭᠠᠨ ᠵᠢᠯ ᠤᠯᠠᠮᠵᠢᠯᠠᠭᠳᠠᠭᠰᠠᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠤᠸ᠎ᠠ ᠰᠠᠶᠢᠬᠠᠨ ᠢ ᠮᠡᠳᠡᠷᠡᠭᠦᠯᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号