ᠤᠯᠠᠭᠠᠢ ᠬᠠᠮᠢᠶᠠᠷᠤᠯᠲᠠ ᠶᠢᠨ ᠣᠷᠣᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠡᠭᠦᠯᠳᠡᠷᠵᠢᠭᠦᠯᠵᠦ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠡᠭᠡᠭᠰᠢᠯᠡᠬᠦᠯᠤᠨ᠎ᠠ
ᠨᠡᠶᠢᠲᠡᠯᠡᠭᠰᠡᠨ ᠴᠠᠭ᠄
2024/9/20
    ᠥᠷᠭᠡᠨ ᠣᠯᠠᠨ ᠰᠠᠭᠤᠭᠠᠯᠢ ᠠᠷᠠᠳ ᠲᠤ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠪᠠᠯᠭᠠᠰᠤᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠡᠷᠴᠢᠮᠵᠢᠭᠦᠯᠵᠦ᠂ ᠬᠤᠲᠠ ᠪᠠᠯᠭᠠᠰᠤᠨ ᠤ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠰᠠᠶᠢᠲᠤᠷ ᠠᠬᠢᠭᠤᠯᠵᠤ᠂ ᠬᠤᠲᠠ ᠪᠠᠯᠭᠠᠰᠤᠨ ᠤ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠨ᠂ ᠬᠤᠲᠠ ᠪᠠᠯᠭᠠᠰᠤ ᠶᠢᠨ ᠪᠦᠬᠦ ᠲᠠᠯ᠎ᠠ ᠶᠢᠨ ᠬᠤᠪᠢᠷᠠᠯᠲᠠ ᠶᠢ ᠪᠤᠢ ᠪᠤᠯᠭᠠᠭᠰᠠᠨ ᠪᠠᠶᠢᠨ᠎ᠠ᠃  ︽ ᠰᠠᠶᠢᠴᠤᠤᠯ ᠤᠨ ᠠᠭᠤᠳᠠᠮ ᠲᠠᠯᠠᠪᠠᠢ︾ ᠨᠢ ᠤᠯᠠᠭᠠᠢ ᠬᠠᠮᠢᠶᠠᠷᠤᠯᠲᠠ ᠶᠢᠨ ᠣᠷᠣᠨ ᠤ ᠲᠣᠮᠣ ᠬᠡᠯᠪᠡᠷᠢ ᠶᠢᠨ ᠰᠡᠯᠡᠭᠦᠴᠡᠯ ᠤᠨ ᠠᠭᠤᠳᠠᠮ ᠲᠠᠯᠠᠪᠠᠢ ᠶᠢᠨ ᠨᠢᠭᠡ ᠪᠠᠶᠢᠵᠤ᠂ ᠠᠭᠤᠳᠠᠮ ᠲᠠᠯᠠᠪᠠᠢ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ ᠡᠯ᠎ᠡ ᠵᠦᠢᠯ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠢᠵᠢ ᠪᠦᠷᠢᠳᠦᠭᠦᠯᠵᠦ᠂ ᠶᠡᠷᠦ ᠶᠢᠨ ᠦᠶ᠎ᠡ ᠳᠤ ᠰᠠᠭᠤᠭᠠᠯᠢ ᠠᠷᠠᠳ ᠠᠳᠡ ᠢᠷᠡᠵᠦ ᠰᠡᠯᠡᠭᠦᠴᠡᠵᠦ ᠲᠣᠭᠤᠷᠢᠳᠠᠭ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠪᠠᠷᠢᠯᠭ᠎ᠠ ᠶᠢᠨ ᠠᠵᠢᠯᠴᠢᠳ ᠠᠭᠤᠳᠠᠮ ᠲᠠᠯᠠᠪᠠᠢ ᠳᠠᠬᠢ ᠡᠪᠳᠡᠭᠳᠡᠭᠰᠡᠨ ᠭᠠᠵᠠᠷ ᠤᠨ ᠭᠠᠳᠠᠷᠭᠤ ᠶᠢ ᠵᠠᠰᠠᠭᠰᠠᠨ ᠪᠥᠭᠡᠳ ᠡᠯ᠎ᠡ ᠵᠦᠢᠯ ᠤᠨ ᠦᠵᠡᠮᠵᠢ ᠶᠢᠨ ᠳ᠋ᠧᠩ ᠢ ᠰᠡᠯᠪᠢᠨ ᠵᠠᠰᠠᠵᠤ᠂ ᠠᠭᠤᠳᠠᠮ ᠲᠠᠯᠠᠪᠠᠢ ᠶᠢᠨ ᠣᠷᠴᠢᠨ ᠲᠣᠭᠤᠷᠢᠨ ᠢ ᠨᠡᠩ ᠲᠠᠭᠠᠯᠠᠮᠵᠢᠲᠠᠢ ᠪᠣᠯᠭᠠᠪᠠ᠃ ᠤᠯᠠᠭᠠᠢ ᠬᠠᠮᠢᠶᠠᠷᠤᠯᠲᠠ ᠶᠢᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠳᠦᠷ ᠲᠤᠲᠤᠮ ᠤᠨ ᠠᠵᠢᠯ ᠤᠨ ᠳᠤᠮᠳᠠ ᠲᠠᠳᠠ ᠲᠤᠰᠬᠠᠢ ᠬᠥᠮᠥᠨ ᠲᠤᠰᠬᠠᠢ ᠠᠵᠢᠯ ᠤᠨ ᠪᠠᠶᠢᠷᠢ ᠲᠤᠰᠬᠠᠢ ᠬᠡᠰᠡᠭ ᠢ ᠬᠠᠷᠢᠭᠤᠴᠠᠬᠤ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ ᠪᠤᠢ᠃ ᠶᠠᠪᠠᠭᠠᠨ ᠬᠥᠮᠥᠨ ᠤ ᠵᠠᠮ᠂ ᠠᠭᠤᠳᠠᠮ ᠲᠠᠯᠠᠪᠠᠶ ᠶᠢᠨ ᠭᠠᠵᠠᠷ ᠤᠨ ᠭᠠᠳᠠᠷᠭᠤ ᠶᠢ ᠰᠡᠯᠪᠢᠨ ᠵᠠᠰᠠᠬᠤ ᠠᠴᠠ ᠭᠠᠳᠠᠨ᠎ᠠ᠂ ᠪᠠᠰᠠ ᠨᠣᠭᠤᠭᠠᠷᠠᠭᠤᠯᠤᠯᠲᠠ ᠶᠢᠨ ᠪᠦᠰᠡ ᠶᠢ ᠨᠥᠬᠦᠵᠦ ᠳᠠᠷᠢᠬᠤ᠂ ᠤᠰᠤᠯᠠᠬᠤ᠂ ᠪᠣᠬᠢᠷ ᠤᠰᠤ᠂ ᠪᠣᠷᠣᠭᠠᠨ ᠤ ᠤᠰᠤᠨ ᠤ ᠰᠠᠷᠠᠯᠵᠢ ᠶᠢ ᠴᠡᠪᠡᠷᠯᠡᠬᠦ ᠵᠡᠷᠭᠡ ᠪᠠᠷ ᠳᠠᠮᠵᠢᠭᠤᠯᠤᠨ  ᠠᠭᠤᠳᠠᠮ  ᠲᠠᠯᠠᠪᠠᠢ  ᠶᠢᠨ  ᠣᠷᠴᠢᠨ ᠲᠣᠭᠤᠷᠢᠨ ᠢ ᠰᠠᠶᠢᠵᠢᠷᠠᠭᠤᠯᠵᠠᠢ᠃ ᠣᠳᠣᠬᠠᠨ ᠪᠤᠯᠳᠠᠯ᠎ᠠ᠂ ᠠᠮᠢ ᠠᠬᠤᠢ ᠶᠢᠨ ᠴᠡᠴᠡᠷᠯᠢᠭ ᠤᠨ ᠭᠠᠨᠳᠢᠭ ᠴᠢᠯᠠᠭᠤᠨ ᠬᠠᠪᠲᠠᠰᠤ ᠶᠢ ᠨᠡᠶᠢᠲᠡ 580 ᠭᠠᠷᠤᠢ ᠬᠠᠪᠲᠠᠭᠠᠢ ᠳᠥᠷᠪᠡᠯᠵᠢᠨ  ᠮᠧᠲᠷ ᠰᠣᠯᠢᠵᠤ᠂ ᠬᠤᠳᠳᠤᠭ ᠤᠨ ᠠᠮᠠᠰᠠᠷ 22 ᠢ ᠲᠣᠬᠢᠷᠠᠭᠤᠯᠵᠤ᠂ ᠵᠠᠮ ᠤᠨ ᠳ᠋ᠧᠩ 80 ᠭᠠᠷᠤᠢ᠂ ᠦᠵᠡᠮᠵᠢ ᠶᠢᠨ ᠳ᠋ᠧᠩ 150 ᠭᠠᠷᠤᠢ ᠶᠢ ᠰᠡᠯᠪᠢᠨ ᠵᠠᠰᠠᠵᠤ᠂ ᠬᠤᠲᠠ ᠪᠠᠯᠭᠠᠰᠤᠨ ᠤ ᠭᠡᠷᠡᠯᠲᠦᠭᠦᠯᠭᠡ ᠶᠢᠨ ᠨᠣᠷᠮ᠎ᠠ ᠶᠢ 99% ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠵᠠᠢ ᠭᠡᠪᠡ᠃      ᠤᠯᠠᠭᠠᠢ ᠬᠠᠮᠢᠶᠠᠷᠤᠯᠲᠠ ᠶᠢᠨ ᠣᠷᠣᠨ ᠨᠢ ᠣᠯᠠᠨ ᠰᠠᠯᠠᠭ᠎ᠠ ᠮᠥᠴᠢᠷ ᠢ ᠵᠣᠬᠢᠴᠠᠭᠤᠯᠤᠨ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠭᠠᠷᠳᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠴᠡᠴᠡᠷᠯᠢᠭ ᠠᠭᠤᠳᠠᠮ ᠲᠠᠯᠠᠪᠠᠢ ᠶᠢᠨ ᠲᠥᠬᠦᠭᠡᠷᠦᠮᠵᠢ ᠶᠢ ᠰᠢᠨᠡᠳᠬᠡᠬᠦ ᠵᠢᠴᠢ ᠵᠡᠭᠡᠯᠢ ᠭᠤᠳᠤᠮᠵᠢ ᠶᠢ ᠰᠢᠨᠡᠳᠬᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠬᠤᠳᠠ ᠪᠠᠯᠭᠠᠰᠤᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号