ᠠᠩᠬᠠᠳᠠᠭᠴᠢ ᠪᠦᠯᠦᠭ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠵᠠᠬᠢᠶᠠᠯᠠᠭ᠎ᠠ ᠶᠢᠨ ᠬᠤᠨᠢ ᠶᠢ ᠦᠨ᠎ᠡ ᠥᠰᠬᠡᠨ ᠪᠣᠷᠣᠯᠠᠭᠤᠯᠪᠠ
ᠨᠡᠶᠢᠲᠡᠯᠡᠭᠰᠡᠨ ᠴᠠᠭ᠄
2024/9/20
     ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠤᠨ ᠨᠢᠭᠡ ᠪᠣᠯᠬᠤ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠡᠩ ᠲᠡᠷᠢᠭᠦᠨ ᠳᠤ ᠦᠢᠯᠡᠳᠪᠦᠷᠢᠯᠡᠯ ᠢᠶᠠᠨ ᠡᠬᠢᠯᠡᠭᠦᠯᠵᠦ᠂ ᠮᠠᠯᠴᠢᠨ ᠡᠷᠦᠬᠡ ᠶᠢᠨ ᠵᠠᠬᠢᠶᠠᠯᠠᠭ᠎ᠠ ᠶᠢᠨ ᠬᠤᠨᠢ ᠶᠢ ᠦᠨ᠎ᠡ ᠥᠰᠬᠡᠨ ᠬᠤᠳᠠᠯᠳᠤᠨ ᠠᠪᠤᠪᠠ᠃ ᠰᠢᠯᠢ ᠶᠢᠨ ᠬᠤᠳᠠ᠂ ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠥᠨᠢᠳ ᠵᠡᠭᠦᠨ ᠬᠤᠰᠢᠭᠤ ᠵᠡᠷᠭᠡ ᠭᠠᠵᠠᠷ ᠤᠨ ᠨᠠᠷᠠᠲᠤ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠴᠤ ᠵᠠᠯᠭᠠᠭ᠎ᠠ ᠪᠠᠷ ᠦᠢᠯᠡᠳᠪᠦᠷᠢᠯᠡᠯ ᠢᠶᠠᠨ ᠡᠬᠢᠯᠡᠭᠦᠯᠵᠦ᠂ ᠮᠠᠯᠴᠢᠨ ᠡᠷᠦᠬᠡ ᠶᠢᠨ ᠵᠠᠬᠢᠶᠠᠯᠠᠭ᠎ᠠ ᠶᠢᠨ ᠬᠤᠨᠢ ᠶᠢ ᠺᠢᠯᠦᠭᠷᠠᠮ ᠪᠦᠷᠢ ᠳᠤ ᠵᠠᠬ᠎ᠠ ᠳᠡᠯᠭᠡᠭᠦᠷ ᠤᠨ ᠦᠨ᠎ᠡ ᠠᠴᠠ 1.5 ᠠᠴᠠ 2 ᠲᠥᠭᠦᠷᠢᠭ ᠦᠨ᠎ᠡ ᠲᠠᠢ ᠬᠤᠳᠠᠯᠳᠤᠨ ᠠᠪᠴᠤ᠂ ᠨᠡᠶᠢᠲᠡ 87 ᠲᠦᠮᠡᠨ ᠬᠤᠨᠢ ᠬᠤᠳᠠᠯᠳᠤᠨ ᠠᠪᠬᠤ ᠪᠠᠷ ᠲᠥᠯᠥᠪᠯᠡᠪᠡ᠃ ︽ᠡᠨᠡ ᠵᠢᠯ ᠤᠨ 4 ᠰᠠᠷ᠎ᠠ ᠳᠤ ᠪᠢᠳᠡ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠲᠠᠢ 350 ᠬᠤᠨᠢᠨ ᠤ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠥᠨᠥᠳᠥᠷ ᠪᠢᠳᠡ ᠠᠩᠬᠠᠨ ᠤ ᠵᠠᠬᠢᠶᠠᠯᠠᠭ᠎ᠠ ᠶᠢᠨ ᠬᠤᠨᠢ ᠶᠢ ᠬᠦᠷᠭᠡᠵᠦ ᠢᠷᠡᠯ᠎ᠠ᠂ ᠲᠡᠭᠰᠢᠳᠬᠡᠭᠡᠳ 1 ᠬᠤᠨᠢᠨ ᠤ ᠦᠨ᠎ᠡ ᠵᠠᠬ᠎ᠠ ᠳᠡᠯᠭᠡᠭᠦᠷ ᠤᠨ  ᠬᠢ ᠠᠴᠠ 30 ᠭᠠᠷᠤᠢ ᠲᠥᠭᠦᠷᠢᠭ ᠥᠨᠳᠥᠷ ᠪᠠᠶᠢᠵᠤ᠂ ᠪᠣᠷᠤᠯᠠᠭᠤᠯᠭ᠎ᠠ ᠶᠢᠨ ᠦᠷᠳᠡᠭ 16 ᠲᠦᠮᠡᠨ ᠲᠥᠭᠦᠷᠢᠭ ᠭᠦᠷᠪᠡ︾ ᠭᠡᠵᠦ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤ ᠶᠢᠨ ᠬᠤᠩᠭᠤᠷ ᠭᠠᠴᠠᠭ᠎ᠠ ᠶᠢᠨ ᠮᠠᠯᠴᠢᠨ ᠲᠣᠳᠣ ᠬᠡᠯᠡᠪᠡ᠃ ᠡᠨᠡ ᠵᠢᠯ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ 87 ᠲᠦᠮᠡᠨ ᠵᠠᠬᠢᠶᠠᠯᠠᠭ᠎ᠠ ᠶᠢᠨ ᠬᠤᠨᠢ ᠬᠤᠳᠠᠯᠳᠤᠨ ᠠᠪᠴᠤ᠂ ᠠᠵᠤ ᠠᠬᠤᠶᠢᠯᠠᠯ ᠬᠢᠭᠡᠳ ᠮᠠᠯᠵᠢᠬᠤ ᠡᠷᠦᠬᠡ ᠶᠢᠨ ᠬᠤᠭᠤᠷᠣᠨᠳᠣᠬᠢ ᠨᠠᠷᠠᠲᠤ ᠲᠡᠮᠳᠡᠭ ᠢ ᠬᠠᠮᠲᠤ ᠪᠠᠷ ᠪᠠᠶᠢᠭᠤᠯᠬᠤ ᠪᠠ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠨᠢᠭᠡᠨᠲᠡ 3800 ᠡᠷᠦᠬᠡ ᠶᠢᠨ ᠮᠠᠯᠴᠢᠳ ᠲᠠᠢ ᠬᠤᠨᠢ ᠬᠤᠳᠠᠯᠳᠤᠨ ᠠᠪᠬᠤ ᠵᠠᠬᠢᠶᠠᠯᠠᠭ᠎ᠠ ᠲᠣᠭᠲᠠᠵᠤ᠂ ᠮᠠᠯᠵᠢᠬᠤ ᠡᠷᠦᠬᠡ ᠶᠢᠨ ᠤᠷᠤᠯᠭ᠎ᠠ ᠶᠢ 2000 ᠭᠠᠷᠤᠢ ᠲᠦᠮᠡᠨ ᠲᠥᠭᠦᠷᠢᠭ ᠨᠡᠮᠡᠭᠳᠡᠭᠦᠯᠪᠡ᠃ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠦᠵᠦ ᠲᠥᠯᠥᠪᠯᠡᠭᠡ᠂ ᠢᠵᠢ ᠪᠦᠷᠢᠳᠦᠭᠰᠡᠨ ᠳᠦᠷᠢᠮ᠂ ᠨᠠᠷᠠᠲᠤ ᠲᠡᠮᠳᠡᠭ ᠤᠨ ᠳᠦᠷᠢᠮ᠂ ᠨᠠᠷᠠᠲᠤ ᠲᠡᠮᠳᠡᠭ ᠤᠨ ᠬᠠᠮᠠᠭᠠᠯᠠᠯᠲᠠ᠂ ᠡᠷᠬᠡ ᠣᠯᠭᠤᠨ ᠬᠡᠷᠡᠭᠯᠡᠭᠦᠯᠬᠦ ᠠᠴᠠ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠨᠠᠷᠠᠲᠤ ᠲᠡᠮᠳᠡᠭ ᠢ ᠤᠬᠠᠭᠤᠯᠤᠨ ᠳᠡᠯᠭᠡᠷᠡᠭᠦᠯᠬᠦ᠂ ᠠᠷᠭ᠎ᠠ ᠵᠠᠮ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠪᠣᠯᠪᠠᠰᠤᠷᠠᠩᠭᠤᠢ ᠪᠥᠭᠡᠳ ᠪᠦᠷᠢᠨ ᠲᠡᠭᠦᠯᠳᠡᠷ ᠨᠠᠷᠠᠲᠤ ᠲᠡᠮᠳᠡᠭ ᠤᠨ ᠡᠵᠡᠩᠨᠡᠯᠲᠡ ᠬᠠᠮᠢᠶᠠᠷᠤᠯᠲᠠ ᠶᠢᠨ ᠰᠢᠰᠲ᠋ᠧᠮ ᠢ ᠡᠭᠦᠳᠴᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠨᠡᠷ᠎ᠡ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠷᠠᠲᠤ ᠲᠡᠮᠳᠡᠭ ᠤᠨ ᠦᠢᠯᠡᠳᠦᠯ ᠪᠠ ᠳᠠᠶᠢᠴᠢᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠦᠬᠦ ᠲᠠᠯ᠎ᠠ ᠪᠠᠷ ᠳᠡᠰ ᠳᠡᠪᠰᠢᠭᠦᠯᠦᠨ ᠡᠭᠦᠳᠴᠦ᠂ ᠨᠡᠷᠡᠳᠦ ᠲᠡᠮᠳᠡᠭ ᠢ ᠬᠡᠷᠡᠭᠯᠡᠬᠦ ᠨᠡᠩ ᠴᠢᠩᠭ᠎ᠠ ᠬᠠᠮᠢᠶᠠᠷᠤᠯᠲᠠ ᠶᠢᠨ ᠠᠷᠭ᠎ᠠ ᠶᠢ ᠵᠠᠰᠠᠪᠤᠷᠢ ᠣᠷᠣᠭᠤᠯᠤᠨ ᠨᠡᠶᠢᠲᠡᠯᠡᠵᠦ᠂ ᠰᠢᠯᠢ ᠶᠢᠨ ᠭᠤᠣᠯ ᠠᠶᠢᠮᠠᠭ ᠤᠨ ᠡᠷᠳᠡᠨᠢ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ᠂ ᠰᠥᠨᠢᠳ ᠵᠡᠭᠦᠨ ᠬᠤᠰᠢᠭᠤᠨ ᠤ ᠮᠠᠨᠳᠠᠯᠲᠤ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠰᠥᠨᠢᠳ ᠵᠡᠭᠦᠨ ᠬᠤᠰᠢᠭᠤᠨ ᠤ ᠴᠢᠶᠣᠤ ᠢᠦᠢ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠬᠤᠨᠢᠨ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ 6 ᠠᠵᠤ ᠠᠬᠤᠶᠢᠯᠠᠯ ᠳᠤ ᠡᠷᠬᠡ ᠣᠯᠭᠤᠵᠤ᠂ ᠮᠧᠩ ᠨᠢᠦ ᠪᠦᠯᠦᠭᠯᠡᠯ ᠤᠨ ᠳ᠋ᠦᠩ ᠰᠢᠶᠠᠨ ᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠱᠠᠩᠬᠠᠢ︶  ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠳᠠᠬᠢ ᠪᠣᠷᠤᠯᠠᠭᠤᠯᠭ᠎ᠠ ᠶᠢᠨ ᠺᠣᠮᠫᠠᠨᠢ ᠵᠡᠷᠭᠡ 4 ᠪᠣᠷᠤᠯᠠᠭᠤᠯᠭ᠎ᠠ ᠶᠢᠨ ᠠᠷᠭ᠎ᠠ ᠵᠠᠮ ᠢᠶᠠᠷ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠡᠷᠬᠡ ᠣᠯᠭᠤᠨ ᠬᠡᠷᠡᠭᠯᠡᠭᠦᠯᠵᠦ᠂ ᠡᠷᠬᠡ ᠣᠯᠭᠤᠭᠰᠠᠨ ᠠᠵᠤ ᠠᠬᠤᠶᠢᠯᠠᠯ ᠤᠳ ᠢ ᠬᠤᠨᠢᠨ ᠤ ᠢᠷᠡᠯᠲᠡ ᠶᠢ ᠤᠷᠢᠳᠴᠢᠯᠠᠨ ᠲᠣᠭᠲᠠᠭᠠᠬᠤ᠂ ᠪᠥᠬᠦ ᠶᠠᠪᠤᠴᠠ ᠶᠢ ᠮᠥᠷᠳᠡᠨ ᠨᠡᠬᠡᠮᠵᠢᠯᠡᠬᠦ᠂ ᠵᠠᠬᠢᠶᠠᠯᠠᠭ᠎ᠠ ᠪᠠᠷ ᠬᠤᠳᠠᠯᠳᠤᠨ ᠠᠪᠬᠤ ᠶᠢ ᠱᠠᠭᠠᠷᠳᠠᠨ᠂ ᠡᠷᠯᠢᠰᠡᠵᠢᠭᠦᠯᠦᠭᠰᠡᠨ ᠦᠭᠡᠢ᠂ ᠪᠣᠷᠳᠣᠵᠤ ᠲᠠᠷᠭᠤᠯᠠᠭᠤᠯᠤᠭᠰᠠᠨ ᠦᠭᠡᠢ᠂ ᠡᠭᠦᠯᠳᠡᠷ ᠨᠢ ᠴᠡᠪᠡᠷ᠂ ᠪᠠᠶᠢᠭᠠᠯᠢᠯᠢᠭ ᠮᠠᠯᠵᠢᠭᠰᠠᠨ ᠰᠢᠯᠢ ᠶᠢᠨ ᠭᠤᠣᠯ ᠬᠤᠨᠢ ᠪᠠᠶᠢᠬᠤ ᠶᠢ ᠪᠠᠲᠤᠯᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号