ᠮᠠᠨ ᠤ ᠣᠷᠣᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ 777.91 ᠲᠦᠮᠡᠨ ᠬᠥᠮᠥᠨ ᠤᠳᠠᠭ᠎ᠠ  ᠶᠢᠨ ᠵᠢᠭᠤᠯᠴᠢᠯᠠᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/9/20
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ  ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ 3 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 777.91 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2023 ᠣᠨ ᠤ ᠠᠳᠠᠯᠢ ᠬᠤᠭᠤᠴᠠᠭᠠᠨ ᠤ 1.20 ᠳᠠᠭᠢᠨ᠂ 2019 ᠣᠨ ᠤ ᠠᠳᠠᠯᠢ ᠬᠤᠭᠤᠴᠠᠭᠠᠨ ᠤ 1.81 ᠳᠠᠭᠢᠨ  ᠳᠤ ᠭᠦᠷᠪᠡ; ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠶᠡᠷᠦᠩᠬᠡᠢ ᠬᠡᠷᠡᠭᠯᠡᠭᠡ 52.6 ᠳ᠋ᠦᠩᠰᠢᠭᠤᠷ ᠲᠥᠭᠦᠷᠢᠭ ᠬᠦᠷᠴᠦ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2023 ᠣᠨ ᠤ ᠠᠳᠠᠯᠢ ᠬᠤᠭᠤᠴᠠᠭᠠᠨ ᠤ 1.29 ᠳᠠᠭᠢᠨ᠂ 2019 ᠣᠨ ᠤ ᠠᠳᠠᠯᠢ ᠬᠤᠭᠤᠴᠠᠭᠠᠨ ᠤ 1.15 ᠳᠠᠭᠢᠨ ᠳᠤ ᠬᠦᠷᠴᠡᠢ᠃      ᠪᠦᠭᠦ ᠣᠷᠣᠨ ᠤ ᠡᠯ᠎ᠡ ᠭᠠᠵᠠᠷ ᠤᠨ ᠬᠢᠨ ᠨᠠᠮᠤᠷ ᠤᠨ ᠤᠯᠠᠷᠢᠯ ᠤᠨ ᠣᠨᠴᠠᠯᠢᠭ ᠲᠤ ᠲᠣᠬᠢᠷᠠᠭᠤᠯᠤᠨ ᠡᠯᠪᠡᠭ ᠪᠠᠶᠠᠯᠢᠭ ᠵᠢᠭᠤᠯᠴᠢᠯᠠᠯ ᠤᠨ ᠵᠠᠮ ᠱᠤᠭᠤᠮ ᠪᠣᠯᠣᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠨ ᠥᠷᠨᠢᠭᠦᠯᠪᠡ᠃ ᠭᠦᠭᠡᠬᠤᠲᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠵᠢᠭᠤᠯᠴᠢᠯᠠᠬᠰᠠᠳ ᠪᠣᠭᠤᠮᠲᠠ ᠶᠢᠨ ᠬᠠᠭᠤᠴᠢᠨ ᠵᠡᠭᠡᠯᠢ ᠳᠤ ᠲᠣᠬᠯᠠᠯᠲᠠ ᠰᠣᠨᠢᠷᠬᠠᠨ᠂ ᠲᠠᠯ᠎ᠠ ᠨᠤᠲᠤᠭ ᠤᠨ ᠵᠠᠩ ᠦᠢᠯᠡ ᠶᠢ ᠣᠶᠢᠯᠠᠭᠠᠵᠤ᠂ ᠠᠮᠠᠷᠠᠯᠲᠠ ᠶᠢᠨ ᠡᠳᠦᠷ ᠢᠶᠠᠨ ᠪᠠᠶᠠᠷ ᠭᠦᠷ ᠲᠠᠢ ᠦᠩᠭᠡᠷᠡᠭᠦᠯᠵᠡᠢ; ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠬᠠᠢ ᠦᠵᠡᠮᠵᠢ ᠶᠢᠨ ᠣᠷᠣᠨ ᠳᠤ ᠤᠳᠪᠠᠯᠠ ᠴᠡᠴᠡᠭ ᠥᠩᠭᠡ ᠢᠯᠭᠠᠷᠠᠨ ᠳᠡᠯᠭᠡᠷᠡᠵᠦ᠂ ᠴᠡᠴᠡᠭ ᠰᠣᠨᠢᠷᠬᠠᠬᠤ ᠵᠢᠭᠤᠯᠴᠢᠯᠠᠯ ᠢ ᠨᠠᠢᠮᠠᠨ ᠰᠠᠷ᠎ᠠ ᠶᠢᠨ ᠲᠡᠷᠭᠡᠯ ᠪᠠᠶᠠᠷ ᠲᠠᠢ ᠤᠶᠠᠯᠳᠤᠭᠤᠯᠵᠤ ᠬᠤᠯᠠ ᠣᠶᠢᠷ᠎ᠠ ᠶᠢᠨ ᠵᠢᠭᠤᠯᠴᠢᠯᠠᠬᠰᠠᠳ ᠢ ᠤᠭᠲᠤᠵᠠᠢ᠃      ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠮᠠᠨ ᠤ ᠣᠷᠣᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠵᠢᠯᠯᠠᠭ᠎ᠠ ᠪᠠᠷ ᠳᠠᠮᠵᠢᠨ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠤᠯᠠᠭᠠᠨᠬᠠᠳᠠ ᠬᠤᠲᠠ︽ᠤᠮᠠᠷᠠᠲᠤ ᠬᠢᠯᠢ ᠶᠢᠨ ᠤᠯᠠᠭᠠᠨ ᠠᠨᠠᠷ︾ ᠰᠢᠷᠢᠰ ᠠᠵᠢᠯᠯᠠᠭ᠎ᠠ ᠡᠷᠭᠢᠯᠡᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠠᠢ; ᠤᠯᠠᠭᠠᠨᠴᠠᠪ ᠬᠤᠲᠠ ︽ᠤᠯᠠᠭᠠᠨᠴᠠᠪ ᠤᠨ ᠦᠳᠡᠰᠢ︾ ᠶᠢᠨ ᠲᠣᠭᠤᠷᠢᠨ ᠳᠤ ᠬᠤᠲᠠ ᠶᠢᠨ ᠰᠥᠨᠢ ᠶᠢᠨ ᠦᠵᠡᠮᠵᠢ ᠶᠢ ᠴᠣᠭᠴᠠᠯᠠᠨ᠂ ᠳᠥᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠬᠰᠠᠳ ᠲᠤ ᠡᠬᠡ ᠤᠯᠤᠰ ᠤᠨ ᠤᠮᠠᠷᠠᠲᠤ ᠬᠢᠯᠢ ᠶᠢᠨ ᠨᠠᠮᠤᠷ ᠤᠨ ᠰᠥᠨᠢ ᠶᠢᠨ ᠥᠪᠡᠷᠮᠢᠴᠡ ᠰᠠᠶᠢᠬᠠᠨ ᠢ ᠮᠡᠳᠡᠷᠡᠭᠦᠯᠵᠡᠢ; ᠬᠢᠩᠭᠠᠨ ᠠᠶᠢᠮᠠᠭ ᠤᠨ ᠮᠦᠽᠧᠢ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠬᠤ ᠤᠮᠠᠷᠠᠲᠤ ᠬᠢᠯᠢ ᠶᠢᠨ ᠥᠪᠥᠷ ᠮᠣᠩᠭᠤᠯ ᠤᠨ ᠳᠦᠷᠢ ᠲᠥᠷᠬᠦ ᠶᠢᠨ ᠭᠤᠣᠯ ᠰᠡᠳᠦᠪᠲᠦ ᠤᠷᠠᠨ ᠵᠢᠷᠤᠭ ᠤᠨ ᠦᠵᠡᠰᠭᠦᠯᠡᠩ︾ ᠭᠠᠷᠭᠠᠨ ᠡᠷᠲᠡᠨ ᠤ ᠲᠠᠯ᠎ᠠ ᠨᠤᠲᠤᠭ ᠤᠨ ᠰᠣᠶᠣᠯ ᠤᠨ ᠴᠡᠴᠡᠭᠯᠡᠯ ᠬᠢᠭᠡᠳ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠤᠯᠠᠮᠵᠢᠯᠠᠯᠲᠤ ᠵᠠᠩ ᠵᠠᠩᠰᠢᠯ ᠤᠨ ᠠᠭᠤᠰᠤᠯᠴᠠᠯ ᠢ ᠳᠡᠯᠭᠡᠨ ᠦᠵᠡᠭᠦᠯᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠦᠨ ᠵᠤᠵᠠᠭᠠᠨ ᠠᠭᠤᠯᠤᠭᠳᠠᠬᠤᠨ ᠢ ᠬᠠᠶᠢᠨ ᠰᠢᠨᠵᠢᠯᠡᠵᠦ᠂ ᠬᠦᠷᠦᠯᠴᠡᠨ ᠢᠷᠡᠭᠰᠡᠨ ᠵᠢᠭᠤᠯᠴᠢᠯᠠᠬᠰᠠᠳ ᠲᠤ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠮᠢᠩᠭᠠᠨ ᠵᠢᠯ ᠤᠯᠠᠮᠵᠢᠯᠠᠭᠳᠠᠭᠰᠠᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠤᠸ᠎ᠠ ᠰᠠᠶᠢᠬᠠᠨ ᠢ ᠮᠡᠳᠡᠷᠡᠭᠦᠯᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号