2024 ᠣᠨ ᠤ 6 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠪᠦᠷᠢᠨᠵᠢᠨ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ | 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︿︿ᠰᠢᠯᠢ ᠶᠢᠨ ᠬᠤᠲᠠ ᠶᠢᠨ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀﹀᠂ | ︿︿ᠰᠢᠯᠢ ᠶᠢᠨ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ | ᠪᠥᠬᠦ ᠬᠡᠯᠬᠢᠶᠡᠰᠦ ᠪᠠᠷ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ﹀﹀᠂ ︿︿ᠰᠢᠯᠢ ᠶᠢᠨ ᠬᠤᠲᠠ ᠶᠢᠨ ᠤᠶᠤᠨᠴᠢ | ᠲᠡᠷᠭᠡᠨ ᠵᠣᠭᠰᠣᠭᠠᠯ ᠤᠨ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠬᠦ ᠲᠥᠰᠦᠯ﹀﹀᠂ ︿︿ᠰᠢᠯᠢ ᠶᠢᠨ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ | ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ | ᠨᠡᠮᠡᠬᠦ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ﹀﹀᠂ ︿︿ᠴᠠᠬᠢᠯᠭᠠᠨ ᠬᠦᠴᠦᠨ ᠤ | ᠢᠨᠵᠧᠨᠧᠷᠢᠩ ᠤᠨ ︿ᠥᠯᠥ ᠴᠠᠭᠠᠵᠠᠯᠠᠬᠤ ᠶᠢ ᠵᠥᠪᠰᠢᠶᠡᠷᠡᠬᠦᠯᠬᠦ ᠠᠴᠠ ᠬᠡᠯᠲᠦᠷᠢᠭᠦᠯᠬᠦ﹀ ᠪᠠ ︿ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠵᠦ᠂ ᠲᠣᠭᠲᠠᠭᠰᠠᠨ ᠬᠤᠭᠤᠴᠠᠭᠠᠨ ᠳᠤ ᠭᠦᠢᠴᠡᠳᠬᠡᠵᠦ ᠳᠠᠭᠤᠰᠬᠠᠬᠤ﹀ ᠠᠵᠢᠯ ᠤᠨ | ᠲᠤᠷᠰᠢᠯᠲᠠ ᠶᠢᠨ ᠲᠥᠰᠦᠯ﹀﹀᠂ ︿︿ᠰᠢᠯᠢ ᠶᠢᠨ ᠬᠤᠲᠠ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠤᠨ ᠬᠢᠵᠠᠭᠠᠷᠯᠠᠬᠤ ᠲᠣᠭᠠᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ﹀﹀᠂ 2024 ᠣᠨ ᠤ ᠲᠦᠷ | ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ᠂ 2024 ᠣᠨ ᠳᠤ ᠨᠡᠶᠢᠭᠡᠮ ᠨᠡᠶᠢᠲᠡ ᠠᠴᠠ | ᠬᠡᠦᠬᠡᠳ ᠤᠨ ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ᠂ ᠳ᠋ᠠ | ᠲᠠᠩ ᠤᠨ ᠱᠧᠩ ᠯᠢ ᠵᠡᠭᠦᠨ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠶᠢᠨ ᠬᠠᠤᠯᠢ ᠠᠴᠠ ᠵᠥᠷᠢᠴᠡᠨ ᠭᠠᠵᠠᠷ | ᠰᠢᠷᠣᠶ ᠡᠵᠡᠯᠡᠨ ᠬᠡᠷᠡᠭᠯᠡᠭᠰᠡᠨ ᠠᠰᠠᠭᠤᠳᠠᠯ ᠤᠨ ᠳ᠋ᠤᠭᠠᠷ ᠢ ᠨᠢ ᠬᠦᠴᠦᠨ ᠥᠬᠡᠶ ᠪᠣᠯᠭᠠᠬᠤ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠰᠠᠯᠬᠢᠨ ᠴᠠᠬᠢᠯᠭᠠᠨ ᠬᠡᠷᠡᠯ ᠴᠡᠨᠡᠭ ᠢ | ᠨᠢᠭᠡ ᠴᠣᠭᠴᠠᠵᠢᠭᠤᠯᠤᠨ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠬᠤ᠂ | ᠤᠮᠠᠷᠠᠲᠤ ᠶᠢᠨ ᠴᠢᠯᠠᠭᠤᠨ ᠲᠣᠰᠣᠨ ᠤ ᠠᠭᠤᠷᠬᠠᠢ ᠶᠢᠨ ᠡᠷᠢᠶᠡᠨ ᠳᠠᠬᠢ ᠬᠤᠪᠢᠶᠠᠷᠢ ᠺᠣᠮᠫᠠᠨᠢ ᠶᠢᠨ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠭᠦᠢᠴᠡᠳᠬᠡᠯ ᠲᠤᠭ᠎ᠠ ᠶᠢ ᠭᠤᠶᠤᠴᠢᠯᠠᠨ ᠮᠡᠳᠡᠭᠦᠯᠬᠦ᠂ ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠪᠠᠯᠠ ᠮᠥᠩᠭᠦ ᠶᠢ ᠬᠡᠷᠡᠭᠯᠡᠬᠦ᠂ ᠡᠷᠳᠡᠨᠢ ᠵᠡᠭᠡᠯᠢ ᠶᠢᠨ ᠲᠣᠯᠢᠨ ᠲᠠᠯ᠎ᠠ | ᠨᠡᠶᠢᠭᠡᠮ ᠲᠣᠭᠤᠷᠢᠭ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠬᠡᠷ ᠪᠠᠶᠢᠰᠢᠩ ᠢ ᠲᠣᠬᠢᠷᠠᠭᠤᠯᠤᠨ | ᠵᠣᠬᠢᠴᠠᠭᠤᠯᠬᠤ᠂ ᠪᠢᠯᠢᠭ ᠮᠠᠯᠵᠢᠯ ᠤᠨ ᠲᠠᠯᠠᠪᠠᠶ ᠬᠥᠳᠡᠯᠮᠦᠷᠢ ᠠᠵᠢᠯ ᠣᠯᠭᠤᠯᠲᠠ ᠶᠢᠨ ᠵᠢᠭᠡᠯᠡᠯᠭᠡ ᠭᠤᠶᠤᠴᠢᠯᠠᠬᠤ᠂ | ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠵᠢᠴᠢ ᠲᠡᠭᠦᠨ ᠤ ᠬᠤᠪᠢᠶᠠᠷᠢ ᠺᠣᠮᠫᠠᠨᠢ ᠰᠢᠯᠢ ᠶᠢᠨ ᠬᠤᠲᠠ ᠶᠢᠨ ᠸᠧ | ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷᠢᠴᠠᠭᠠᠲᠤ ᠵᠢᠭᠡᠯᠡᠯᠭᠡ ᠭᠤᠶᠤᠴᠢᠯᠠᠬᠤ᠂ | ᠮᠠᠯᠵᠢᠬᠤ ᠣᠷᠣᠨ ᠤ ᠨᠡᠶᠢᠭᠡᠮ ᠲᠣᠭᠤᠷᠢᠭ ᠤᠨ ᠠᠷᠠᠳ ᠠᠴᠠ ᠰᠣᠩᠭᠤᠭᠰᠠᠨ ᠺᠠᠳ᠋ᠷ ᠤᠨ ᠨᠡᠶᠢᠭᠡᠮ ᠤᠨ ᠳᠠᠭᠠᠳᠬᠠᠯ | ᠲᠤᠰᠢᠶᠠᠬᠤ ᠵᠡᠷᠭᠡ ᠶᠠᠪᠤᠳᠠᠯ ᠤᠳ ᠢ ᠭᠦᠢᠴᠡᠳᠬᠡᠪᠡ᠃ ᠲᠣᠪᠴᠢ ᠠᠭᠤᠯᠭ᠎ᠠ ᠨᠢ ᠳᠣᠣᠷᠠᠬᠢ ᠮᠡᠲᠦ᠃ | ᠨᠢᠭᠡ᠂ ᠰᠢᠨ᠎ᠡ ᠪᠠᠷ ᠨᠡᠮᠡᠭᠰᠡᠨ 2024 ᠣᠨ ᠤ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ | ᠵᠣᠭᠤᠰᠣᠨ ᠤ ᠵᠦᠢᠯ ᠤᠨ ᠤᠴᠢᠷ ᠶᠠᠪᠤᠳᠠᠯ ᠢ ᠰᠤᠳᠤᠯᠵᠤ ᠬᠢᠨᠠᠨ ᠶᠠᠷᠢᠯᠴᠠᠪᠠ | ᠬᠤᠷᠠᠯ ᠠᠴᠠ᠂ ᠮᠠᠨ ᠤ ᠬᠤᠲᠠ ᠶᠢᠨ 2023 ᠣᠨ ᠤ ᠡᠴᠦᠰ ᠤᠨ ᠲᠦᠷ ᠴᠠᠭ ᠤᠨ ᠴᠢᠨᠠᠷᠲᠠᠶ ᠳᠠᠰᠤᠯᠤᠨ | ᠪᠤᠳᠤᠬᠤ ᠵᠣᠭᠤᠰᠣᠨ ᠤ ᠵᠦᠢᠯ ᠤᠨ ᠦᠯᠡᠳᠡᠪᠦᠷᠢ 11.85 ᠳ᠋ᠦᠩᠰᠢᠭᠤᠷ ᠲᠥᠭᠦᠷᠢᠭ ᠪᠠᠶᠢᠵᠤ᠂ ᠡᠵᠡᠯᠡᠬᠦ | ᠬᠠᠷᠢᠴᠠᠯ ᠨᠢ ᠲᠤᠬᠠᠶ ᠶᠢᠨ ᠵᠢᠯ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ | 20% ᠪᠣᠯᠤᠨ᠎ᠠ᠂ ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠡᠳ᠋ ᠤᠨ ᠵᠠᠰᠠᠭ ᠤᠨ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠢ ᠤᠯᠠᠮ ᠨᠢᠭᠡ | ᠠᠯᠬᠤᠮ ᠴᠢᠩᠭ᠎ᠠ ᠬᠢᠵᠠᠭᠠᠷᠯᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ | ᠮᠡᠳᠡᠭᠳᠡᠯ﹀﹀ ︵ᠰᠢᠯᠢ ᠡᠳ᠋ ᠬᠥᠮᠥᠷᠭᠡ ︵2024︶ 50 ᠳ᠋ᠤᠭᠠᠷ ᠲᠣᠭᠠᠲᠤ︶ ︿︿2023 ᠣᠨ ᠤ ᠡᠴᠦᠰ ᠤᠨ | ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠤᠨ ᠦᠯᠡᠳᠡᠪᠦᠷᠢ ᠶᠢᠨ ᠬᠤᠶᠠᠷ ᠵᠦᠢᠯ ᠤᠨ | ᠵᠠᠷᠤᠯᠭ᠎ᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 10% ᠠᠴᠠ ᠳᠡᠭᠡᠭᠰᠢᠬᠢ ᠭᠠᠵᠠᠷ ᠣᠷᠣᠨ ᠳᠤ᠂ | ᠰᠢᠨ᠎ᠡ ᠪᠠᠷ ᠨᠡᠮᠡᠭᠳᠡᠭᠰᠡᠨ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠤᠨ ᠲᠠᠰ | ᠳᠡᠪᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ﹀﹀ ᠭᠡᠬᠦ | ᠱᠠᠭᠠᠷᠳᠠᠯᠭ᠎ᠠ ᠶᠢ ᠦᠨᠳᠦᠰᠦᠯᠡᠨ᠂ 2024 ᠣᠨ ᠳᠤ ᠰᠢᠨ᠎ᠡ ᠪᠠᠷ ᠨᠡᠮᠡᠭᠳᠡᠭᠰᠡᠨ ᠲᠦᠷ ᠴᠠᠭ ᠤᠨ ᠴᠢᠨᠠᠷᠲᠠᠶ | ᠳᠠᠰᠤᠯᠤᠨ ᠪᠤᠳᠤᠬᠤ ᠵᠣᠭᠤᠰᠣᠨ ᠤ ᠵᠦᠢᠯ ᠤᠨ ᠲᠤᠬᠠᠶ ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠬᠦ | ᠴᠢᠬᠤᠯᠠᠲᠠᠶ᠃ | ᠬᠤᠷᠠᠯ ᠠᠴᠠ᠂ 2024 ᠣᠨ ᠤ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠢ | ᠰᠢᠨ᠎ᠡ ᠪᠠᠷ ᠨᠡᠮᠡᠬᠦ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠡᠳ᠋ ᠤᠨ ᠵᠠᠰᠠᠭ ᠤᠨ ᠲᠣᠪᠴᠢᠶ᠎ᠠ ᠠᠴᠠ | ᠬᠠᠷᠢᠭᠤᠴᠠᠵᠤ᠂ ᠰᠢᠨ᠎ᠡ ᠪᠠᠷ ᠨᠡᠮᠡᠭᠰᠡᠨ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯᠡᠰ ᠢ | ᠵᠢᠷᠤᠮ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠶᠢᠨ ᠬᠠᠮᠲᠤ ᠳᠡᠭᠡᠳᠦ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠦᠷ ᠴᠠᠭ ᠤᠨ ᠴᠢᠨᠠᠷᠲᠠᠶ ᠳᠠᠰᠤᠯᠤᠨ | ᠪᠤᠳᠤᠬᠤ ᠵᠣᠭᠤᠰᠣᠨ ᠤ ᠵᠦᠢᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠢ ᠢᠯᠭᠠᠷᠠᠭᠤᠯᠤᠨ | ᠰᠢᠩᠭᠡᠭᠡᠵᠦ᠂ ᠰᠢᠨ᠎ᠡ ᠪᠠᠷ ᠨᠡᠮᠡᠭᠳᠡᠭᠰᠡᠨ ᠲᠦᠷ ᠴᠠᠭ ᠤᠨ ᠴᠢᠨᠠᠷᠲᠠᠶ ᠳᠠᠰᠤᠯᠤᠨ ᠪᠤᠳᠤᠬᠤ ᠵᠣᠭᠤᠰᠣᠨ ᠤ ᠵᠦᠢᠯ ᠤᠨ | ᠬᠡᠪᠴᠢᠶ᠎ᠡ ᠶᠢ 5% ᠠᠴᠠ ᠳᠠᠪᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠲᠦᠷ ᠴᠠᠭ ᠤᠨ ᠴᠢᠨᠠᠷᠲᠠᠶ | ᠳᠠᠰᠤᠯᠤᠨ ᠪᠤᠳᠤᠬᠤ ᠵᠣᠭᠤᠰᠣᠨ ᠤ ᠵᠦᠢᠯ ᠤᠨ ᠦᠯᠡᠳᠡᠪᠦᠷᠢ ᠶᠢ ︿︿ᠬᠠᠰᠤᠬᠤ ᠠᠴᠠ ᠪᠢᠰᠢ ᠨᠡᠮᠡᠭᠳᠡᠭᠦᠯᠬᠦ ᠥᠬᠡᠶ﹀﹀ | ᠪᠠᠶᠢᠬᠤ ᠬᠠᠷᠠᠯᠲᠠ ᠶᠢ ᠪᠡᠶᠡᠯᠡᠭᠦᠯᠦᠨ᠎ᠡ ᠭᠡᠵᠦ ᠲᠣᠭᠲᠠᠵᠠᠶ᠃ | ᠬᠤᠶᠠᠷ᠂ ︿︿ᠰᠢᠯᠢ ᠶᠢᠨ ᠬᠤᠲᠠ ᠶᠢᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠴᠠᠭᠠᠨ | ᠰᠤᠳᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀﹀ ᠢ ᠰᠤᠳᠤᠯᠤᠨ ᠬᠢᠨᠠᠨ ᠵᠥᠪᠯᠡᠪᠡ | ᠬᠤᠷᠠᠯ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠪᠰᠢᠭᠦᠯᠦᠭᠰᠡᠨ ︿︿ᠰᠢᠯᠢ ᠶᠢᠨ ᠬᠤᠲᠠ ᠶᠢᠨ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀﹀ ︵ | ᠳᠣᠷᠣᠭᠰᠢ ︿︿ᠬᠡᠷᠡᠭᠵᠢᠭᠦᠯᠬᠦ ᠲᠥᠰᠦᠯ﹀﹀ ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠭᠰᠡᠨ ᠪᠥᠭᠡᠳ ᠵᠠᠷᠴᠢᠮ | ᠳᠡᠭᠡᠷ᠎ᠡ ᠪᠠᠨ ᠵᠥᠪᠰᠢᠶᠡᠷᠡᠵᠦ᠂ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠠᠷᠢᠭᠤᠴᠠᠵᠤ᠂ ᠬᠤᠷᠠᠯ ᠳᠤ | ᠶᠠᠷᠢᠯᠴᠠᠭᠰᠠᠨ ᠰᠠᠨᠠᠯ ᠶᠣᠰᠣᠭᠠᠷ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠧᠨ ᠬᠢᠨᠠᠨ | ᠬᠠᠷᠭᠤᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠪᠠ᠃ | ᠬᠤᠷᠠᠯ ᠠᠴᠠ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠨᠢ | ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠮᠠᠯ ᠠᠵᠤ ᠠᠬᠤᠢ ᠶᠢᠨ ᠴᠢᠨᠠᠷ ᠰᠠᠶᠢᠲᠠᠢ᠂ ᠦᠷᠭᠦᠯᠵᠢᠯᠡᠠ ᠬᠥᠭᠵᠢᠯᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠲᠤᠭ᠎ᠠ ᠪᠦᠷᠢᠳᠬᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠣᠶ ᠰᠢᠭᠤᠶ ᠡᠪᠡᠰᠦ | ᠪᠡᠯᠴᠢᠭᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠶ ᠵᠡᠭᠡᠯᠢ ᠭᠤᠳᠤᠮᠵᠢ᠂ ᠰᠤᠮᠤ ᠪᠠᠯᠭᠠᠰᠤ | ᠲᠠᠯᠠᠪᠠᠶ ᠨᠢ ︿︿ᠬᠡᠷᠡᠭᠵᠢᠭᠦᠯᠬᠦ ᠲᠥᠰᠦᠯ﹀﹀ ᠳᠠᠬᠢ ᠡᠭᠦᠷᠭᠡ ᠶᠢᠨ ᠠᠵᠢᠯ ᠤᠨ ᠬᠤᠪᠢᠶᠠᠷᠢᠯᠠᠯ ᠴᠠᠭ ᠬᠤᠭᠤᠴᠠᠭᠠᠨ ᠤ | ᠱᠠᠭᠠᠷᠳᠠᠯᠭ᠎ᠠ ᠶᠣᠰᠣᠭᠠᠷ᠂ ᠬᠤᠷᠴᠠ ᠴᠢᠳᠠᠮᠠᠭᠠᠶ ᠬᠦᠴᠦᠨ ᠢ ᠰᠣᠩᠭᠤᠨ ᠪᠠᠶᠢᠴᠠᠭᠠᠨ ᠰᠤᠳᠤᠯᠬᠤ ᠠᠵᠢᠯ ᠤᠨ | ᠡᠩᠨᠡᠭᠡ ᠶᠢ ᠲᠡᠭᠦᠯᠳᠡᠷᠵᠢᠭᠦᠯᠵᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠨ᠂ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ | ᠴᠢᠩᠭᠠᠳᠬᠠᠨ ᠰᠠᠶᠢᠵᠢᠷᠠᠭᠤᠯᠵᠤ᠂ ᠪᠣᠳᠠᠲᠠᠶ ᠭᠠᠵᠠᠷ ᠲᠤ ᠬᠦᠷᠴᠦ ᠡᠷᠦᠬᠡ ᠳᠤ ᠣᠴᠢᠬᠤ᠂ ᠰᠤᠭᠤᠴᠢᠨ ᠪᠠᠶᠢᠴᠠᠭᠠᠵᠤ | ᠬᠢᠨᠠᠨ ᠬᠠᠷᠭᠤᠭᠤᠯᠬᠤ ᠵᠡᠷᠭᠡ ᠠᠷᠭ᠎ᠠ ᠬᠡᠯᠪᠡᠷᠢ ᠶᠢ ᠨᠢᠭᠡᠳᠦᠯᠲᠡᠶ ᠲᠥᠯᠥᠪᠯᠡᠨ᠂ ᠪᠥᠬᠦ ᠬᠤᠲᠠ ᠶᠢᠨ ᠮᠠᠯ ᠠᠵᠤ | ᠠᠬᠤᠶ ᠶᠢᠨ ᠪᠠᠶᠢᠭᠠᠯᠢᠯᠢᠭ ᠮᠠᠯᠵᠢᠯ ᠪᠠ ᠬᠠᠰᠢᠶᠠᠯᠠᠨ ᠲᠡᠵᠢᠭᠡᠵᠦ ᠦᠷᠡᠵᠢᠭᠦᠯᠦᠭᠰᠡᠨ ᠮᠠᠯ ᠤᠨ ᠲᠤᠭ᠎ᠠ ᠬᠡᠮᠵᠢᠶ᠎ᠡ ᠶᠢ | ᠣᠨᠣᠪᠴᠢᠲᠠᠶ ᠪᠤᠰᠤᠳᠴᠢ ᠪᠠᠷ ᠡᠵᠡᠮᠰᠢᠵᠦ᠂ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨ | ᠬᠦ ᠪᠡᠶᠡᠯᠡᠭᠦᠯᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠮᠠᠯ ᠠᠵᠤ ᠠᠬᠤᠶ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠬᠤ | ᠬᠡᠷᠡᠭᠲᠡᠶ᠃ | ᠭᠤᠷᠪᠠ᠂ ︿︿ᠰᠢᠯᠢ ᠶᠢᠨ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ | ᠬᠡᠮ ᠰᠣᠭᠤᠭ ᠤᠨ ᠪᠥᠬᠦ ᠬᠡᠯᠬᠢᠶᠡᠰᠦ ᠶᠢ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ﹀﹀ ᠢ ᠰᠤᠳᠤᠯᠤᠨ ᠬᠢᠨᠠᠨ | ᠵᠥᠪᠯᠡᠪᠡ | ᠬᠤᠷᠠᠯ ᠠᠴᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ | ᠳᠡᠪᠰᠢᠭᠦᠯᠦᠭᠰᠡᠨ ︿︿ᠰᠢᠯᠢ ᠶᠢᠨ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ | ᠬᠡᠮ ᠰᠣᠭᠤᠭ ᠤᠨ ᠪᠥᠬᠦ ᠬᠡᠯᠬᠢᠶᠡᠰᠦ ᠶᠢ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ﹀﹀ ᠢ ᠬᠢᠨᠠᠨ ᠵᠥᠪᠯᠡᠭᠰᠡᠨ | ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠠᠴᠠ ᠬᠠᠷᠢᠭᠤᠴᠠᠵᠤ᠂ ᠬᠤᠷᠠᠯ ᠳᠤ ᠶᠠᠷᠢᠯᠴᠠᠭᠰᠠᠨ ᠰᠠᠨᠠᠯ ᠶᠣᠰᠣᠭᠠᠷ ᠤᠯᠠᠮ ᠨᠢᠭᠡ ᠠᠯᠬᠤᠮ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠳᠡᠳ᠋ ᠳᠠᠷᠤᠭ᠎ᠠ ᠶᠠᠩ ᠵᠧᠨ ᠬᠢᠨᠠᠨ ᠬᠠᠷᠭᠤᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠷᠠᠯ ᠠᠴᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ | ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠬᠦ ᠪᠣᠯ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠯᠭᠠᠮ᠎ᠠ ᠬᠡᠷᠡᠭᠴᠡᠭᠡ ᠮᠥᠨ᠂ | ᠪᠠᠰᠠ ᠴᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ | ᠰᠠᠶᠢᠵᠢᠷᠠᠬᠤ ᠶᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠃ ᠭᠠᠯ ᠤᠨᠲᠠᠷᠠᠭᠠᠬᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠥᠷᠲᠡᠭᠡ ᠪᠠᠨ ᠳᠡᠭᠡᠭᠰᠢᠯᠡᠭᠦᠯᠦᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ | ᠲᠦᠪᠰᠢᠨ ᠤ ᠬᠡᠮ ᠰᠣᠭᠤᠭ ᠢ ᠪᠥᠬᠦ ᠬᠡᠯᠬᠢᠶᠡᠰᠦ ᠪᠠᠷ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠵᠤ ᠲᠣᠭᠲᠠᠭᠠᠯ ᠠᠴᠠ ᠵᠥᠷᠢᠴᠡᠨ ᠴᠠᠬᠢᠯᠭᠠᠨ | ᠴᠡᠨᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ | ᠠᠶᠤᠯ ᠤᠨ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠠᠷᠢᠯᠭᠠᠵᠤ᠂ ᠡᠯ᠎ᠡ ᠭᠤᠭᠴᠤᠭ᠎ᠠ ᠶᠢᠨ ᠡᠯ᠎ᠡ | ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠭᠠᠯ | ᠰᠡᠷᠭᠡᠶᠢᠯᠡᠯᠲᠡ ᠶᠢᠨ ︿︿ᠠᠮᠢ ᠨᠠᠰᠤᠨ ᠤ ᠵᠠᠮ﹀﹀ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ 2024 ᠣᠨ ᠳᠤ ᠨᠡᠶᠢᠭᠡᠮ ᠨᠡᠶᠢᠲᠡ ᠠᠴᠠ ᠬᠡᠦᠬᠡᠳ ᠤᠨ ᠰᠤᠷᠭᠠᠨ ᠬᠥᠮᠦᠵᠢᠯ ᠤᠨ ᠭᠡᠷ᠎ᠡ ᠶᠢᠨ | ᠲᠦᠷᠢᠮ ᠤᠨ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠶᠠᠪᠤᠳᠠᠯ ᠢ ᠰᠤᠳᠤᠯᠵᠤ ᠬᠢᠨᠠᠨ ᠵᠥᠪᠯᠡᠪᠡ | ᠬᠤᠷᠠᠯ ᠠᠴᠠ᠂ ᠮᠠᠨ ᠤ ᠬᠤᠲᠠ ᠶᠢᠨ ᠬᠡᠦᠬᠡᠳ ᠤᠨ ᠰᠤᠷᠭᠠᠨ ᠬᠥᠮᠦᠵᠢᠯ ᠤᠨ ᠪᠠᠭᠰᠢ ᠶᠢᠨ ᠬᠦᠴᠦᠨ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠬᠤ ᠶᠢᠨ ᠲᠥᠯᠥᠭᠡ᠂ ᠰᠤᠷᠭᠠᠨ | ᠬᠥᠮᠦᠵᠢᠯ ᠤᠨ ᠲᠣᠪᠴᠢᠶ᠎ᠠ ᠮᠠᠨ ᠤ ᠬᠤᠲᠠ ᠶᠢᠨ 3 ᠰᠢᠨ᠎ᠡ ᠪᠠᠷ ᠪᠠᠶᠢᠭᠤᠯᠬᠤ ᠬᠡᠦᠬᠡᠳ ᠤᠨ ᠴᠡᠴᠡᠷᠯᠢᠭ᠂ 1 | ᠥᠷᠭᠡᠳᠬᠡᠨ ᠪᠠᠶᠢᠭᠤᠯᠬᠤ ᠬᠡᠦᠬᠡᠳ ᠤᠨ ᠴᠡᠴᠡᠷᠯᠢᠭ ᠪᠠ 1 ᠲᠦᠷᠤᠯ ᠵᠦᠢᠯ ᠥᠷᠭᠡᠳᠬᠡᠨ ᠪᠠᠶᠢᠭᠤᠯᠬᠤ ᠬᠡᠦᠬᠡᠳ ᠤᠨ | ᠴᠡᠴᠡᠷᠯᠢᠭ ᠤᠨ ᠨᠡᠶᠢᠭᠡᠮ ᠨᠡᠶᠢᠲᠡ ᠠᠴᠠ ᠲᠤᠰᠬᠠᠶ ᠲᠤᠰᠢᠶᠠᠯᠲᠤ ᠪᠠᠭᠰᠢ᠂ ᠡᠳ᠋ ᠤᠨ ᠶᠠᠪᠤᠳᠠᠯ ᠤᠨ ᠠᠵᠢᠯᠲᠠᠨ᠂ | ᠰᠤᠷᠭᠠᠭᠤᠯᠢ ᠶᠢᠨ ᠡᠮᠴᠢ ᠵᠡᠷᠭᠡ ᠭᠡᠷ᠎ᠡ ᠶᠢᠨ ᠳᠦᠷᠢᠮᠲᠦ ᠠᠵᠢᠯᠲᠠᠨ ᠢ ᠢᠯᠡ ᠪᠠᠷ ᠡᠯᠰᠡᠨ ᠬᠡᠷᠡᠭᠯᠡᠬᠦ ᠪᠠᠷ ᠲᠥᠯᠥᠪᠯᠡᠵᠦ᠂ | ᠠᠩᠬ᠎ᠠ ᠠᠯᠬᠤᠮ ︿︿ᠰᠢᠯᠢ ᠶᠢᠨ ᠬᠤᠲᠠ ᠶᠢᠨ 2024 ᠣᠨ ᠳᠤ ᠨᠡᠶᠢᠭᠡᠮ ᠨᠡᠶᠢᠲᠡ ᠠᠴᠠ ᠢᠯᠡ ᠪᠠᠷ ᠬᠡᠦᠬᠡᠳ ᠤᠨ | ᠰᠤᠷᠭᠠᠨ ᠬᠥᠮᠦᠵᠢᠯ ᠤᠨ ᠭᠡᠷ᠎ᠡ ᠶᠢᠨ ᠳᠦᠷᠢᠮᠲᠦ ᠠᠵᠢᠯᠲᠠᠨ ᠢ ᠡᠯᠰᠡᠨ ᠬᠡᠷᠡᠭᠯᠡᠬᠦ ᠬᠡᠷᠡᠭᠵᠢᠭᠦᠯᠬᠦ ᠲᠥᠰᠦᠯ﹀﹀ ︵ | ᠳᠣᠷᠣᠭᠰᠢ ︿︿ᠲᠥᠰᠦᠯ﹀﹀ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠵᠤ᠂ ᠬᠤᠷᠠᠯ ᠳᠤ ᠳᠡᠪᠰᠢᠭᠦᠯᠵᠦ | ᠰᠤᠳᠤᠯᠤᠨ ᠬᠢᠨᠠᠨ ᠵᠥᠪᠯᠡᠭᠦᠯᠬᠦ ᠴᠢᠬᠤᠯᠠᠲᠠᠶ᠃ | ᠬᠤᠷᠠᠯ ᠠᠴᠠ᠂ ᠨᠢᠭᠡ ᠳᠤ᠂ ᠰᠤᠷᠭᠠᠨ ᠬᠥᠮᠦᠵᠢᠯ ᠤᠨ ᠲᠣᠪᠴᠢᠶ᠎ᠠ ᠬᠠᠷᠢᠭᠤᠴᠠᠵᠤ᠂ ᠬᠤᠷᠠᠯ ᠳᠤ | ᠶᠠᠷᠢᠯᠴᠠᠭᠰᠠᠨ ᠰᠠᠨᠠᠯ ᠶᠣᠰᠣᠭᠠᠷ ︿︿ᠲᠥᠰᠦᠯ﹀﹀ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠶᠠᠩ ᠵᠧᠨ ᠬᠢᠨᠠᠨ ᠬᠠᠷᠭᠤᠭᠤᠯᠤᠭᠰᠠᠨ ᠤ ᠳᠠᠷᠠᠭ᠎ᠠ ᠵᠢᠷᠤᠮᠵᠢᠭᠰᠠᠨ ᠶᠠᠪᠤᠴᠠ ᠶᠣᠰᠣᠭᠠᠷ ᠤᠷᠢᠵᠤ ᠡᠯᠰᠡᠬᠦ ᠠᠵᠢᠯ ᠢ | ᠵᠣᠬᠢᠶᠠᠨ ᠪᠠᠶᠢᠭᠤᠯᠤᠨ᠎ᠠ ᠭᠡᠵᠦ ᠵᠥᠪᠯᠡᠨ ᠲᠣᠭᠲᠠᠭᠠᠪᠠ᠃ | ᠬᠤᠶᠠᠷ ᠲᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠵᠤ᠂ ︿︿ᠲᠥᠰᠦᠯ﹀﹀ ᠤᠨ | ᠱᠠᠭᠠᠷᠳᠠᠯᠭ᠎ᠠ ᠶᠣᠰᠣᠭᠠᠷ ᠨᠡᠶᠢᠭᠡᠮ ᠨᠡᠶᠢᠲᠡ ᠠᠴᠠ 85 ᠨᠡᠷᠡᠰ ᠪᠠᠭᠰᠢ᠂ 4 ᠨᠡᠷᠡᠰ ᠰᠤᠷᠭᠠᠭᠤᠯᠢ ᠶᠢᠨ ᠡᠮᠴᠢ ᠤᠷᠢᠵᠤ | ᠂ ᠡᠳ᠋ ᠤᠨ ᠶᠠᠪᠤᠳᠠᠯ ᠤᠨ ᠠᠵᠢᠯᠲᠠᠨ ᠢ ᠪᠤᠰᠤᠳ ᠠᠷᠭ᠎ᠠ ᠬᠡᠯᠪᠡᠷᠢ ᠪᠠᠷ ᠨᠢᠭᠡᠳᠦᠯᠲᠡᠶ ᠲᠥᠯᠥᠪᠯᠡᠨ ᠰᠢᠢᠳᠪᠦᠷᠢᠯᠡᠬᠦ ᠶᠢ | ᠰᠦᠪᠡᠭᠴᠢᠯᠡᠬᠦ ᠶᠢᠨ ᠬᠠᠮᠲᠤ᠂ ᠥᠩᠭᠡᠷᠡᠭᠰᠡᠨ ᠵᠢᠯ ᠤᠨ ᠬᠡᠦᠬᠡᠳ ᠤᠨ ᠰᠤᠷᠭᠠᠨ ᠬᠥᠮᠦᠵᠢᠯ ᠤᠨ ᠠᠵᠢᠯᠲᠠᠨ ᠡᠯᠰᠡᠬᠦ | ᠲᠤᠰᠬᠠᠶ ᠮᠡᠷᠭᠡᠵᠢᠯ᠂ ᠲᠤᠰᠬᠠᠶ ᠮᠡᠷᠭᠡᠵᠢᠯ ᠤᠨ ᠪᠤᠰᠤ ᠪᠠᠭᠰᠢ ᠶᠢᠨ ᠡᠵᠡᠯᠡᠬᠦ ᠬᠠᠷᠢᠴᠠᠯ ᠢ ᠡᠮᠬᠢᠯᠡᠨ ᠳᠢᠭᠯᠡᠵᠦ᠂ | ᠪᠣᠳᠠᠲᠠᠶ ᠲᠠᠢ ᠪᠠᠨ ᠤᠶᠠᠯᠳᠤᠭᠤᠯᠤᠨ ᠠᠵᠢᠯᠲᠠᠨ ᠡᠯᠰᠡᠬᠦ ᠬᠠᠷᠢᠴᠠᠯ ᠢ ᠵᠦᠶ ᠵᠣᠬᠢᠰᠲᠠᠶ ᠬᠤᠪᠢᠶᠠᠷᠢᠯᠠᠨ᠂ ᠠᠵᠢᠯᠲᠠᠨ | ᠡᠯᠰᠡᠬᠦ ᠬᠥᠮᠦᠨ ᠤ ᠲᠤᠭ᠎ᠠ ᠶᠢ ᠪᠠᠭᠠᠰᠬᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠦᠲᠦᠴᠡ ᠨᠢ ᠵᠦᠶ | ᠵᠣᠬᠢᠰᠲᠠᠶ᠂ ᠪᠠᠶᠢᠷᠢᠰᠢᠭᠤᠯᠤᠯ ᠨᠢ ᠠᠯᠤᠰ ᠬᠡᠲᠦ ᠶᠢᠨ ᠪᠠᠶᠢᠬᠤ ᠶᠢ ᠦᠨᠡᠨᠬᠦ ᠪᠠᠲᠤᠯᠠᠵᠤ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠣᠯᠠᠨ ᠶᠠᠩᠵᠤᠲᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ | ᠲᠠᠯ᠎ᠠ ᠪᠠᠷ ᠬᠠᠩᠭᠠᠨ᠎ᠠ᠃ | ᠲᠠᠪᠤ᠂ ︿︿ᠰᠢᠯᠢ ᠶᠢᠨ ᠬᠤᠲᠠ ᠶᠢᠨ ᠤᠶᠤᠨᠴᠢ ᠲᠡᠷᠭᠡᠨ ᠵᠣᠭᠰᠣᠭᠠᠯ ᠤᠨ ᠲᠡᠷᠭᠡ ᠵᠣᠭᠰᠣᠭᠠᠬᠤ | ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠲᠥᠰᠦᠯ﹀﹀ ᠢ ᠰᠤᠳᠤᠯᠤᠨ ᠬᠢᠨᠠᠨ | ᠵᠥᠪᠯᠡᠪᠡ | ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠪᠰᠢᠭᠦᠯᠦᠭᠰᠡᠨ ︿︿ᠰᠢᠯᠢ ᠶᠢᠨ | ᠬᠤᠲᠠ ᠶᠢᠨ ᠤᠶᠤᠨᠴᠢ ᠲᠡᠷᠭᠡᠨ ᠵᠣᠭᠰᠣᠭᠠᠯ ᠤᠨ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠡᠷᠡᠭᠵᠢᠭᠦᠯᠬᠦ ᠲᠥᠰᠦᠯ﹀﹀ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠵᠤ᠂ ᠬᠤᠷᠠᠯ ᠳᠤ ᠶᠠᠷᠢᠯᠴᠠᠭᠰᠠᠨ ᠰᠠᠨᠠᠯ | ᠶᠣᠰᠣᠭᠠᠷ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠶᠠᠩ ᠵᠧᠨ ᠢᠶᠠᠷ ᠬᠢᠨᠠᠨ ᠬᠠᠷᠭᠤᠭᠤᠯᠤᠭᠰᠠᠨ ᠤ | ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠷᠠᠯ ᠠᠴᠠ᠂ ᠰᠢᠯᠢ ᠶᠢᠨ ᠬᠤᠲᠠ ᠶᠢᠨ ᠹᠦ᠋ ᠰᠢᠩ ᠳ᠋ᠠ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ | ᠬᠠᠷᠢᠭᠤᠴᠠᠵᠤ᠂ ᠲᠡᠷᠭᠡᠨ ᠵᠣᠭᠰᠣᠭᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠡᠷᠭᠡᠨ ᠵᠣᠭᠰᠣᠭᠠᠯ ᠤᠨ ᠤᠶᠤᠨᠴᠢ ᠬᠠᠷᠢᠶᠠᠯᠠᠭᠳᠠᠬᠤ ᠴᠢᠨᠠᠷ ᠢ ᠭᠦᠢᠴᠡᠳ | ᠪᠠᠳᠠᠷᠠᠭᠤᠯᠵᠤ᠂ ᠴᠢᠬᠤᠯᠠ ᠪᠤᠰᠤ ᠬᠥᠮᠦᠰ ᠤᠨ ᠲᠣᠬᠢᠷᠠᠭᠤᠯᠤᠯᠲᠠ ᠵᠢᠴᠢ ᠪᠠᠯᠠ ᠮᠥᠩᠭᠦ ᠶᠢᠨ ᠵᠠᠷᠤᠯᠭ᠎ᠠ ᠶᠢ ᠤᠯᠠᠮ | ᠨᠢᠭᠡ ᠠᠯᠬᠤᠮ ᠪᠠᠭᠠᠰᠬᠠᠵᠤ᠂ ᠤᠶᠤᠨᠴᠢ ᠲᠡᠷᠭᠡᠨ ᠵᠣᠭᠰᠣᠭᠠᠯ ᠤᠨ ᠪᠡᠯᠡᠳᠬᠡᠮᠵᠢ ᠲᠥᠬᠦᠭᠡᠷᠦᠮᠵᠢ ᠶᠢᠨ ᠳᠤᠲᠠᠭᠤᠳᠠᠯ ᠢ | ᠲᠦᠷᠭᠡᠨ ᠨᠥᠬᠦᠪᠥᠷᠢᠯᠡᠵᠦ᠂ ᠵᠢᠯ ᠤᠨ ᠳᠣᠲᠣᠷ᠎ᠠ ᠡᠷᠳᠡᠨᠢ ᠵᠠᠮ ᠤᠨ ᠣᠷᠣᠨ ᠪᠦᠰᠡ ᠳᠤ ᠨᠢᠭᠡᠨᠲᠡ ᠪᠠᠶᠢᠭᠤᠯᠤᠭᠰᠠᠨ | ᠲᠡᠷᠭᠡᠨ ᠵᠣᠭᠰᠣᠭᠠᠯ ᠪᠦᠬᠦᠨ ᠢ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠡᠶᠡᠯᠡᠭᠦᠯᠵᠦ᠂ | ᠬᠤᠲᠠ ᠶᠢᠨ ᠵᠠᠮ ᠬᠠᠷᠢᠯᠴᠠᠭᠠᠨ ᠤ ᠨᠡᠪᠲᠡᠷᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠲᠡᠷᠭᠡᠨ ᠵᠣᠭᠰᠣᠭᠠᠯ ᠤᠨ | ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠦᠲᠦᠮᠵᠢᠲᠡᠶ ᠲᠣᠬᠢᠷᠠᠭᠤᠯᠤᠨ ᠡᠵᠡᠮᠳᠡᠵᠦ᠂ ᠣᠯᠠᠨ ᠲᠦᠮᠡᠨ ᠤ | ᠶᠠᠪᠤᠵᠤ ᠰᠠᠭᠤᠬᠤ ᠳᠤ ᠰᠠᠭᠠᠳ ᠥᠬᠡᠶ᠂ ᠲᠡᠷᠭᠡ ᠵᠣᠭᠰᠣᠬᠤ ᠳᠤ ᠲᠥᠬᠦᠮ ᠦᠵᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | ᠵᠢᠷᠭᠤᠭ᠎ᠠ᠂ ︿︿ᠰᠢᠯᠢ ᠶᠢᠨ ᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ | ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ | ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ﹀﹀ ᠢ ᠰᠤᠳᠤᠯᠵᠤ ᠬᠢᠨᠠᠨ ᠵᠥᠪᠯᠡᠪᠡ | ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠪᠰᠢᠭᠦᠯᠦᠭᠰᠡᠨ ︿︿ᠰᠢᠯᠢ ᠶᠢᠨ | ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠡᠨ ᠤ ᠤᠰᠤᠨ ᠤ ᠲᠣᠭᠲᠠᠭᠰᠠᠨ | ᠬᠡᠮᠵᠢᠶ᠎ᠡ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠤᠨ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ﹀﹀ ︵ᠳᠣᠷᠣᠭᠰᠢ ︿︿ᠬᠡᠷᠡᠭᠵᠢᠭᠦᠯᠬᠦ ᠲᠥᠰᠦᠯ﹀﹀ ᠭᠡᠵᠦ ᠲᠣᠪᠴᠢᠯᠠᠨ᠎ᠠ︶ ᠢ ᠬᠢᠨᠠᠨ | ᠶᠠᠷᠢᠯᠴᠠᠭᠰᠠᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠵᠤ᠂ ᠬᠤᠷᠠᠯ ᠳᠤ ᠶᠠᠷᠢᠯᠴᠠᠭᠰᠠᠨ ᠰᠠᠨᠠᠯ ᠶᠣᠰᠣᠭᠠᠷ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠧᠨ ᠬᠢᠨᠠᠨ | ᠬᠠᠷᠭᠤᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠬᠡᠷᠡᠭᠯᠡᠬᠦ | ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ | ᠳᠦᠷᠢᠮ ᠢ ᠪᠠᠶᠢᠭᠤᠯᠬᠤ ᠨᠢ ᠦᠨ᠎ᠡ ᠬᠠᠩᠰᠢ ᠶᠢᠨ ᠲᠣᠭᠲᠠᠴᠠ ᠶᠢᠨ ᠲᠣᠬᠢᠷᠠᠭᠤᠯᠬᠤ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠵᠤ᠂ ᠪᠦᠬᠦ ᠬᠤᠲᠠ ᠶᠢᠨ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ ᠪᠠ ᠬᠥᠲᠥᠯᠥᠨ | ᠵᠢᠯᠣᠭᠤᠳᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ︿︿ᠬᠡᠷᠡᠭᠵᠢᠭᠦᠯᠬᠦ | ᠲᠥᠰᠦᠯ﹀﹀ ᠲᠠᠢ ᠬᠠᠷᠭᠤᠭᠤᠯᠵᠤ᠂ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ᠂ ᠬᠢᠨᠠᠨ ᠵᠢᠯᠣᠭᠤᠳᠴᠤ | ᠪᠠᠶᠢᠴᠠᠭᠠᠬᠤ ᠪᠠᠨ ᠴᠢᠩᠭᠠᠳᠬᠠᠵᠤ᠂ ᠮᠠᠨ ᠤ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ | ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ | ᠨᠡᠮᠡᠬᠦ ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠬᠡᠷᠡᠭᠵᠢᠭᠦᠯᠬᠦ ᠬᠡᠪᠴᠢᠶ᠎ᠡ᠂ ᠲᠣᠭᠲᠠᠭᠰᠠᠨ | ᠨᠣᠷᠮ᠎ᠠ ᠲᠣᠭᠲᠠᠭᠠᠬᠤ᠂ ᠳᠡᠰ ᠬᠤᠪᠢᠶᠠᠭᠰᠠᠨ ᠤᠰᠤᠨ ᠤ ᠬᠡᠮᠵᠢᠶ᠎ᠡ ᠪᠠ ᠦᠨ᠎ᠡ ᠨᠡᠮᠡᠬᠦ ᠪᠠᠷᠢᠮᠵᠢᠶ᠎ᠠ ᠵᠡᠷᠭᠡ | ᠠᠭᠤᠯᠭ᠎ᠠ ᠳᠤ ᠲᠥᠰᠦᠯ ᠢ ᠦᠨᠳᠦᠰᠦᠯᠡᠨ ᠬᠡᠷᠡᠭᠵᠢᠭᠦᠯᠦᠨ᠎ᠡ᠃ | ᠳᠣᠯᠤᠭ᠎ᠠ᠂ ᠳ᠋ᠠ ᠲᠠᠩ ᠤᠨ ᠱᠧᠩ ᠯᠢ ᠶᠢᠨ ᠵᠡᠭᠦᠨ ᠬᠡᠰᠡᠭ ᠤᠨ ᠬᠤᠶᠠᠳᠤᠭᠠᠷ ᠨᠣᠮᠧᠷᠲᠤ ᠵᠠᠳᠠᠭᠠᠶ | ᠨᠡᠭᠦᠷᠡᠰᠦᠨ ᠠᠭᠤᠷᠬᠠᠶ ᠶᠢᠨ ᠬᠠᠤᠯᠢ ᠶᠢ ᠵᠥᠷᠢᠴᠡᠨ ᠭᠠᠵᠠᠷ ᠰᠢᠷᠣᠶ ᠡᠵᠡᠯᠡᠨ ᠬᠡᠷᠡᠭᠯᠡᠭᠰᠡᠨ ᠠᠰᠠᠭᠤᠳᠠᠯ ᠤᠨ ᠳ᠋ᠤᠭᠠᠷ ᠢ | ᠬᠠᠰᠤᠬᠤ ᠶᠠᠪᠤᠳᠠᠯ ᠢ ᠰᠤᠳᠤᠯᠵᠤ ᠬᠢᠨᠠᠨ ᠵᠥᠪᠯᠡᠪᠡ | ᠬᠤᠷᠠᠯ ᠠᠴᠠ᠂ 2020 ᠣᠨ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢᠨ ᠬᠠᠷᠢᠭᠤ ᠲᠤᠰᠬᠠᠭᠰᠠᠨ | ᠶᠠᠪᠤᠳᠠᠯ ᠳᠤ ᠳ᠋ᠠ ᠲᠠᠩ ᠤᠨ ᠱᠧᠩ ᠯᠢ ᠵᠡᠭᠦᠨ ᠬᠡᠰᠡᠭ ᠤᠨ ᠬᠤᠶᠠᠳᠤᠭᠠᠷ ᠨᠣᠮᠧᠷᠲᠤ ᠵᠠᠳᠠᠭᠠᠢ ᠨᠡᠭᠦᠷᠡᠰᠦᠨ | ᠠᠭᠤᠷᠬᠠᠢ ᠳᠤ ᠬᠤᠯᠪᠣᠭᠳᠠᠭᠰᠠᠨ 1674.03 ᠾᠧᠺᠲ᠋ᠠᠷ ᠬᠠᠤᠯᠢ ᠶᠢ ᠵᠥᠷᠢᠴᠡᠨ ᠭᠠᠵᠠᠷ ᠰᠢᠷᠣᠢ ᠡᠵᠡᠯᠡᠨ | ᠬᠡᠷᠡᠭᠯᠡᠭᠰᠡᠨ ᠠᠰᠠᠭᠤᠳᠠᠯ ᠬᠤᠯᠪᠣᠭᠳᠠᠪᠠ᠂ ᠤᠳᠤ ᠪᠣᠯᠲᠠᠯ᠎ᠠ᠂ 1674.03 ᠾᠧᠺᠲ᠋ᠠᠷ ᠬᠠᠤᠯᠢ ᠶᠢ ᠵᠥᠷᠢᠴᠡᠨ | ᠭᠠᠵᠠᠷ ᠰᠢᠷᠣᠢ ᠡᠵᠡᠯᠡᠨ ᠬᠡᠷᠡᠭᠯᠡᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 3367.69 | ᠲᠦᠮᠡᠨ ᠲᠥᠭᠦᠷᠢᠭ ᠤᠨ ᠬᠠᠤᠯᠢ ᠶᠢ ᠵᠥᠷᠢᠴᠡᠨ ᠭᠠᠵᠠᠷ ᠰᠢᠷᠣᠢ ᠡᠵᠡᠯᠡᠨ ᠬᠡᠷᠡᠭᠯᠡᠭᠰᠡᠨ ᠲᠣᠷᠭᠠᠭᠤᠯᠢ ᠶᠢ ᠪᠦᠬᠦᠨ ᠢ | ᠬᠤᠷᠢᠶᠠᠨ ᠠᠪᠴᠤ᠂ 198.7167 ᠾᠧᠺᠲ᠋ᠠᠷ ᠠᠮᠢ ᠠᠬᠤᠢ ᠶᠢ ᠰᠡᠷᠭᠦᠭᠡᠨ ᠵᠠᠰᠠᠬᠤ ᠣᠷᠣᠨ ᠢ ᠨᠢᠭᠡᠨᠲᠡ ᠰᠢᠯᠭᠠᠨ | ᠠᠪᠴᠤ ᠬᠢᠷᠢ ᠲᠡᠩᠴᠡᠪᠡ᠂ ᠲᠤᠬᠠᠢ ᠶᠢᠨ ᠦᠶ᠎ᠡ ᠶᠢᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠪᠣᠯᠵᠣᠨ | ᠶᠠᠷᠢᠯᠴᠠᠵᠤ ᠰᠢᠢᠳᠪᠦᠷᠢᠯᠡᠬᠦ ᠠᠵᠢᠯ ᠢ ᠨᠢᠭᠡᠨᠲᠡ ᠳᠠᠭᠤᠰᠬᠠᠪᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠠᠴᠠ | ᠰᠤᠳᠤᠯᠤᠭᠠᠳ᠂ ᠳ᠋ᠠ ᠲᠠᠩ ᠤᠨ ᠱᠧᠩ ᠯᠢ ᠶᠢᠨ ᠵᠡᠭᠦᠨ ᠬᠡᠰᠡᠭ ᠤᠨ ᠬᠤᠶᠠᠳᠤᠭᠠᠷ ᠨᠣᠮᠧᠷᠲᠤ ᠵᠠᠳᠠᠭᠠᠶ ᠨᠡᠭᠦᠷᠡᠰᠦᠨ | ᠠᠭᠤᠷᠬᠠᠶ ᠶᠢᠨ ᠬᠠᠤᠯᠢ ᠶᠢ ᠵᠥᠷᠢᠴᠡᠨ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠠᠰᠠᠭᠤᠳᠠᠯ ᠨᠢ ᠨᠢᠭᠡᠨᠲᠡ ᠳ᠋ᠤᠭᠠᠷ ᠢ | ᠬᠠᠰᠤᠬᠤ ᠨᠥᠬᠦᠴᠡᠯ ᠳᠤ ᠨᠡᠶᠢᠴᠡᠭᠰᠡᠨ ᠢ ᠮᠠᠭᠠᠳᠯᠠᠨ ᠲᠣᠭᠲᠠᠭᠠᠵᠤ᠂ ᠲᠤᠰ ᠠᠰᠠᠭᠤᠳᠠᠯ ᠤᠨ ᠳ᠋ᠤᠭᠠᠷ ᠢ ᠬᠦᠴᠦᠨ | ᠦᠭᠡᠢ ᠪᠣᠯᠭᠠᠵᠤ ᠰᠢᠢᠳᠪᠦᠷᠢᠯᠡᠭᠦᠯᠬᠦ ᠪᠠᠷ ᠭᠤᠶᠤᠴᠢᠯᠠᠯ ᠳᠡᠪᠰᠢᠭᠦᠯᠵᠦ᠂ ᠬᠤᠷᠠᠯ ᠳᠤ ᠳᠡᠪᠰᠢᠭᠦᠯᠵᠦ ᠰᠤᠳᠤᠯᠤᠨ | ᠬᠢᠨᠠᠨ ᠵᠥᠪᠯᠡᠭᠦᠯᠬᠦ ᠴᠢᠬᠤᠯᠠᠲᠠᠶ᠃ | ᠬᠤᠷᠠᠯ ᠠᠴᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳ᠋ᠠ ᠲᠠᠩ ᠤᠨ ᠱᠧᠩ ᠯᠢ ᠵᠡᠭᠦᠨ | ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠶᠢᠨ ᠬᠠᠤᠯᠢ ᠶᠢ ᠵᠥᠷᠢᠴᠡᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠭᠤᠶᠤᠴᠢᠯᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠠᠴᠠ ᠬᠠᠷᠢᠭᠤᠴᠠᠵᠤ᠂ ᠬᠠᠮᠢᠶ᠎ᠠ ᠪᠥᠬᠦᠶ ᠲᠠᠰ ᠳᠠᠷᠠᠭᠠᠯᠠᠯ ᠶᠣᠰᠣᠭᠠᠷ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳ᠋ᠤᠭᠠᠷ ᠢ ᠨᠢ ᠬᠦᠴᠦᠨ ᠥᠬᠡᠶ ᠪᠣᠯᠭᠠᠬᠤ ᠭᠤᠶᠤᠴᠢᠯᠠᠯ ᠢ | ᠮᠡᠳᠡᠭᠦᠯᠦᠨ ᠬᠦᠷᠭᠡᠬᠦ ᠪᠠᠷ ᠲᠣᠭᠲᠠᠵᠠᠶ᠃ | ᠨᠠᠢᠮᠠ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ | ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠭᠤᠤᠯ | ᠴᠣᠭᠴᠠ ᠶᠢ ᠲᠣᠭᠲᠠᠭᠠᠬᠤ ᠵᠦᠢᠯᠡᠰ ᠢ ᠰᠤᠳᠤᠯᠤᠨ ᠬᠢᠨᠠᠨ ᠵᠥᠪᠯᠡᠪᠡ | ᠬᠤᠷᠠᠯ ᠠᠴᠠ᠂ 2024 ᠣᠨ ᠳᠤ ᠮᠠᠨ ᠤ ᠬᠤᠲᠠ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ | ᠵᠠᠰᠠᠬᠤ ᠢᠨᠵᠧᠨᠧᠷᠢᠩ ᠤᠨ ᠡᠭᠦᠷᠭᠡ ᠨᠡᠶᠢᠲᠡ 21.9 ᠲᠦᠮᠡᠨ ᠮᠥ ᠪᠠᠶᠢᠵᠤ᠂ ᠡᠭᠦᠨ ᠳᠤ ᠬᠡᠷᠡᠭᠵᠢᠭᠦᠯᠬᠦ ᠭᠤᠤᠯ | ᠴᠣᠭᠴᠠ ᠶᠢᠨ ᠡᠭᠦᠷᠭᠡ 3 ᠪᠣᠶ᠂ ᠲᠣᠰ ᠲᠣᠰ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ | ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ 3 ᠲᠦᠮᠡᠨ ᠮᠥ ᠪᠠᠶᠢᠵᠤ᠂ ᠳᠡᠭᠡᠳᠦ ᠱᠠᠲᠤᠨ ᠤ ᠪᠠᠯᠠ | ᠮᠥᠩᠭᠦ ᠪᠠᠷ 1.1 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠤᠷᠢᠳᠠᠪᠠᠷ ᠠᠵᠢᠯ ᠡᠬᠢᠯᠡᠭᠦᠯᠵᠦ᠂ | 4.9 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠰᠢᠨ᠎ᠡ ᠪᠠᠷ ᠨᠡᠮᠡᠭᠳᠡᠭᠦᠯᠬᠦ ᠪᠠᠷ ᠲᠣᠭᠲᠠᠭᠠᠵᠤ᠂ | ᠮᠠᠨ ᠤ ᠬᠤᠲᠠ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠤᠷᠤᠭᠰᠢᠲᠠᠶ | ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ︿︿ᠰᠢᠯᠢ ᠶᠢᠨ ᠭᠤᠤᠯ ᠠᠶᠢᠮᠠᠭ ᠤᠨ ︿ᠭᠤᠷᠪᠠᠨ ᠤᠮᠠᠷᠠᠲᠤ﹀ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ | ﹀﹀ ︵ᠰᠢᠯᠢ ᠶᠢᠨ ᠡᠪᠡᠰᠦ ᠪᠡᠯᠴᠢᠭᠡᠷ ᠲᠠᠷᠬᠠᠭᠠᠭᠰᠠᠨ ︵2024︶ 7 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠰᠤᠮᠤ ᠪᠠᠯᠭᠠᠰᠤ ᠪᠣᠯᠤᠨ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠶᠢᠨ ᠬᠤᠷᠠᠯ ᠢᠶᠠᠷ ᠰᠤᠳᠤᠯᠵᠤ ᠲᠠᠨᠢᠯᠴᠠᠭᠤᠯᠤᠭᠰᠠᠨ ᠤ ᠳᠠᠷᠠᠭ᠎ᠠ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠰᠠᠯᠬᠢᠨ ᠴᠠᠬᠢᠯᠭᠠᠨ ᠬᠡᠷᠡᠯ ᠴᠡᠨᠡᠭ ᠢ | ᠨᠢᠭᠡ ᠴᠣᠭᠴᠠᠵᠢᠭᠤᠯᠤᠨ ᠵᠠᠰᠠᠬᠤ ᠲᠥᠷᠥᠯ ᠵᠦᠢᠯ ᠤᠨ 3 ᠵᠦᠢᠯ ᠤᠨ ᠡᠭᠦᠷᠭᠡ ᠶᠢ ᠬᠡᠷᠡᠭᠵᠢᠭᠦᠯᠬᠦ ᠭᠤᠤᠯ | ᠴᠣᠭᠴᠠ ᠶᠢ ᠮᠠᠯᠴᠢᠨ ᠲᠠᠷᠢᠶᠠᠴᠢᠨ ᠤ ᠬᠤᠷᠰᠢᠶᠠᠵᠢᠯ ᠢᠶᠠᠷ ᠲᠣᠭᠲᠠᠭᠠᠬᠤ ᠪᠠᠷ ᠭᠤᠶᠤᠴᠢᠯᠠᠵᠤ᠂ ᠬᠤᠷᠠᠯ ᠳᠤ | ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠬᠦ ᠴᠢᠬᠤᠯᠠᠲᠠᠶ᠃ | ᠬᠤᠷᠠᠯ ᠠᠴᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠤᠷᠠᠳᠤᠭᠰᠠᠨ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠣᠯᠤᠨ ᠰᠠᠯᠬᠢᠨ ᠴᠠᠬᠢᠯᠭᠠᠨ ᠬᠡᠷᠡᠯ | ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠲᠥᠷᠥᠯ ᠵᠦᠢᠯ ᠤᠨ 3 ᠵᠦᠢᠯ ᠤᠨ ᠡᠭᠦᠷᠭᠡ ᠶᠢ ᠬᠡᠷᠡᠭᠵᠢᠭᠦᠯᠬᠦ ᠭᠤᠤᠯ | ᠴᠣᠭᠴᠠ ᠶᠢ ᠮᠠᠯᠴᠢᠨ ᠲᠠᠷᠢᠶᠠᠴᠢᠨ ᠤ ᠬᠤᠷᠰᠢᠶᠠᠵᠢᠯ ᠪᠣᠯᠭᠠᠬᠤ ᠪᠠᠷ ᠲᠣᠭᠲᠠᠭᠠᠬᠤ ᠭᠤᠶᠤᠴᠢᠯᠠᠯ ᠢ ᠵᠠᠷᠴᠢᠮ | ᠳᠡᠭᠡᠷ᠎ᠡ ᠪᠠᠨ ᠵᠥᠪᠰᠢᠶᠡᠷᠡᠵᠦ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠵᠤ᠂ ᠳᠡᠭᠡᠳᠦ | ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ | ᠢᠨᠵᠧᠨᠧᠷᠢᠩ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠪᠠᠯᠠ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠰᠠᠭᠠᠲᠠᠭᠠᠨ ᠦᠯᠡᠳᠡᠭᠡᠬᠦ ᠶᠢ ᠡᠷᠡᠰ | ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠬᠤ᠂ ᠶᠠᠰᠤ ᠴᠢᠨᠠᠷ ᠢ ᠴᠢᠬᠤᠯᠠᠴᠢᠯᠠᠬᠤ᠂ ᠪᠣᠳᠠᠲᠤ ᠦᠷ᠎ᠡ ᠪᠦᠲᠦᠮᠵᠢ | ᠭᠠᠷᠭᠠᠬᠤ ᠶᠢ ᠦᠨᠡᠨ ᠬᠦ ᠪᠡᠶᠡᠯᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ | ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ | ᠥᠬᠡᠶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠴᠣᠭᠴᠠᠯᠠᠨ᠎ᠠ᠃ | ᠶᠢᠰᠦ᠂ ︿︿ᠴᠠᠬᠢᠯᠭᠠᠨ ᠬᠦᠴᠦᠨ ᠤ ᠢᠨᠵᠧᠨᠧᠷᠢᠩ ᠤᠨ ︿ᠥᠯᠥ ᠴᠠᠭᠠᠵᠠᠯᠠᠬᠤ ᠶᠢ ᠵᠥᠪᠰᠢᠶᠡᠷᠡᠬᠦᠯᠬᠦ ᠠᠴᠠ | ᠬᠡᠯᠲᠦᠷᠢᠭᠦᠯᠬᠦ﹀ ᠪᠠ ︿ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ᠂ ᠲᠣᠭᠲᠠᠭᠰᠠᠨ ᠬᠤᠭᠤᠴᠠᠭᠠᠨ ᠳᠤ | ᠭᠦᠢᠴᠡᠳᠬᠡᠵᠦ ᠳᠠᠭᠤᠰᠬᠠᠬᠤ﹀ ᠠᠵᠢᠯ ᠤᠨ ᠲᠤᠷᠰᠢᠯᠲᠠ ᠶᠢᠨ ᠲᠥᠰᠦᠯ﹀﹀ ᠢ ᠰᠤᠳᠤᠯᠤᠨ ᠬᠢᠨᠠᠨ ᠶᠠᠷᠢᠯᠴᠠᠪᠠ | ᠬᠤᠷᠠᠯ ᠠᠴᠠ ︿︿ᠴᠠᠬᠢᠯᠭᠠᠨ ᠬᠦᠴᠦᠨ ᠤ ᠢᠨᠵᠧᠨᠧᠷᠢᠩ ᠤᠨ ︿ᠥᠯᠥ ᠴᠠᠭᠠᠵᠠᠯᠠᠬᠤ ᠶᠢ | ᠵᠥᠪᠰᠢᠶᠡᠷᠡᠬᠦᠯᠬᠦ ᠠᠴᠠ ᠬᠡᠯᠲᠦᠷᠢᠭᠦᠯᠬᠦ﹀ ᠪᠠ ︿ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ᠂ ᠲᠣᠭᠲᠠᠭᠰᠠᠨ | ᠬᠤᠭᠤᠴᠠᠭᠠᠨ ᠳᠤ ᠭᠦᠢᠴᠡᠳᠬᠡᠵᠦ ᠳᠠᠭᠤᠰᠬᠠᠬᠤ﹀ ᠠᠵᠢᠯ ᠤᠨ ᠲᠤᠷᠰᠢᠯᠲᠠ ᠶᠢᠨ ᠲᠥᠰᠦᠯ﹀﹀ ᠢ ᠬᠢᠨᠠᠨ ᠵᠥᠪᠯᠡᠭᠰᠡᠨ | ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠴᠠᠬᠢᠯᠭᠠᠨ ᠬᠠᠩᠭᠠᠬᠤ ᠺᠣᠮᠫᠠᠨᠢ ᠠᠴᠠ ᠬᠠᠷᠢᠭᠤᠴᠠᠵᠤ᠂ ᠬᠤᠷᠠᠯ | ᠳᠡᠭᠡᠷ᠎ᠡ ᠶᠠᠷᠢᠯᠴᠠᠭᠰᠠᠨ ᠰᠠᠨᠠᠯ ᠶᠣᠰᠣᠭᠠᠷ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ | ᠳᠠᠷᠠᠭ᠎ᠠ ᠳᠠᠷᠤᠮᠠᠯᠯᠠᠨ ᠲᠠᠷᠬᠠᠭᠠᠪᠠ᠃ | ᠠᠷᠪᠠ᠂ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠢ ᠶᠢᠨ ᠡᠷᠢᠶᠡᠨ ᠳᠠᠬᠢ ᠬᠤᠪᠢᠶᠠᠷᠢ | ᠺᠣᠮᠫᠠᠨᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠭᠦᠢᠴᠡᠳᠬᠡᠬᠦ ᠲᠤᠭ᠎ᠠ ᠶᠢᠨ ᠮᠡᠳᠡᠭᠦᠯᠬᠦ ᠤᠴᠢᠷ ᠤᠳ ᠢ | ᠰᠤᠳᠤᠯᠵᠤ ᠬᠢᠨᠠᠨ ᠵᠥᠪᠯᠡᠪᠡ | ᠬᠤᠷᠠᠯ ᠠᠴᠠ ᠱᠠᠭᠠᠷᠳᠠᠭᠰᠠᠨ ᠨᠢ᠂ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠢ ᠶᠢᠨ | ᠡᠷᠢᠶᠡᠨ ᠳᠠᠬᠢ ᠬᠤᠪᠢᠶᠠᠷᠢ ᠺᠣᠮᠫᠠᠨᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠨᠤᠭᠤ | ᠭᠠᠵᠠᠷ ᠤᠨ ᠬᠠᠮᠠᠭᠠᠯᠠᠯᠲᠠ ᠶᠢᠨ ᠬᠡᠪᠴᠢᠶᠡᠨ ᠳᠤ ᠪᠠᠶᠢᠬᠤ ᠶᠢ ᠦᠨᠳᠦᠰᠦᠯᠡᠨ᠂ ᠤᠯᠤᠰ ᠤᠨ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ᠂ | ᠱᠤᠭᠤᠮ ᠰᠣᠩᠭᠤᠬᠤ ᠳᠠᠭᠠᠨ ᠨᠤᠭᠤ ᠭᠠᠵᠠᠷ ᠢ ᠡᠵᠡᠯᠡᠨ ᠬᠡᠷᠡᠭᠯᠡᠬᠦ ᠠᠴᠠ ᠵᠠᠶᠢᠯᠠᠰᠬᠢᠬᠦ ᠲᠤᠬᠠᠶ ᠲᠣᠭᠲᠠᠭᠠᠯ ᠢ | ᠦᠨᠳᠦᠰᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠵᠤ᠂ ᠵᠢᠯᠣᠭᠤᠳᠬᠤ | ᠡᠷᠴᠢᠮ ᠢᠶᠠᠨ ᠴᠢᠩᠭᠠᠳᠬᠠᠨ᠂ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠶ ᠶᠢᠨ ᠡᠷᠢᠶᠡᠨ ᠳᠠᠬᠢ | ᠬᠤᠪᠢᠶᠠᠷᠢ ᠺᠣᠮᠫᠠᠨᠢ ᠶᠢ ᠰᠢᠮᠳᠠᠭᠤᠯᠵᠤ ᠪᠠᠶᠢᠭᠠᠳ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ | ᠭᠠᠵᠠᠷ ᠢ ᠳᠠᠬᠢᠨ ᠰᠢᠨ᠎ᠡ ᠪᠠᠷ ᠰᠣᠩᠭᠤᠬᠤ ᠪᠠᠷ ᠲᠣᠭᠲᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠷᠢᠭᠤᠴᠠᠵᠤ᠂ ᠲᠥᠷᠥᠯ | ᠵᠦᠢᠯ ᠤᠨ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠨᠤᠭᠤ ᠭᠠᠵᠠᠷ ᠤᠨ ᠡᠬᠢ ᠪᠠᠶᠠᠯᠢᠭ ᠤᠨ | ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠤᠭᠤ | ᠭᠠᠵᠠᠷ ᠢ ᠡᠵᠡᠯᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ | ᠨᠡᠶᠢᠴᠡᠭᠦᠯᠬᠦ ᠶᠢ ᠦᠨᠡᠨᠬᠦ ᠪᠠᠲᠤᠯᠠᠨ᠎ᠠ᠃ | ᠠᠷᠪᠠᠨ ᠨᠢᠭᠡ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠪᠡᠯᠡ | ᠮᠥᠩᠭᠦ ᠶᠢᠨ ᠬᠡᠷᠡᠭᠯᠡᠬᠦ ᠤᠴᠢᠷ ᠤᠳ ᠢ ᠰᠤᠳᠤᠯᠤᠨ ᠬᠢᠨᠠᠨ ᠶᠠᠷᠢᠯᠴᠠᠨ᠎ᠠ | ᠬᠤᠷᠠᠯ ᠠᠴᠠ 2023 ᠣᠨ᠂ 2024 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠴᠥᠭᠡᠨ | ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠪᠠᠯᠠ ᠮᠥᠩᠭᠦ ᠶᠢ ᠨᠡᠶᠢᠲᠡ 87.8393 | ᠲᠦᠮᠡᠨ ᠲᠥᠭᠦᠷᠢᠭ ᠬᠡᠷᠡᠭᠯᠡᠵᠦ᠂ ᠴᠣᠬᠬᠭᠤᠯᠠ ᠰᠤᠮᠤ ᠶᠢᠨ ᠠᠷᠤ ᠭᠤᠤᠯ ᠭᠠᠴᠠᠭᠠᠨ ᠤ ᠬᠤᠪᠢ ᠣᠷᠣᠭᠤᠯᠤᠭᠰᠠᠨ | ᠠᠵᠤ ᠠᠬᠤᠶ ᠶᠢᠨ ᠬᠤᠷᠰᠢᠶ᠎ᠠ ᠶᠢᠨ ᠡᠪᠡᠰᠦ ᠪᠣᠷᠳᠤᠭ᠎ᠠ ᠪᠣᠯᠪᠠᠰᠤᠷᠠᠭᠤᠯᠬᠤ ᠪᠠ ᠬᠠᠳᠠᠭᠠᠯᠠᠬᠤ ᠲᠥᠷᠥᠯ ᠵᠦᠢᠯ ︵ | ᠲᠥᠷᠥᠯ ᠵᠦᠢᠯ ᠤᠨ ᠪᠠᠯᠠ ᠣᠷᠣᠭᠤᠯᠤᠯᠲᠠ 53.8393 ᠲᠦᠮᠡᠨ ᠲᠥᠭᠦᠷᠢᠭ︶᠂ ᠪᠠᠶᠠᠨᠪᠤᠯᠠᠭ ᠰᠤᠮᠤ ᠶᠢᠨ | ᠨᠠᠷᠠᠨᠪᠤᠯᠠᠭ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠶᠢᠨ ᠪᠦᠬᠦᠯᠢ ᠬᠤᠯᠢᠮᠠᠭ | ᠪᠣᠷᠳᠤᠭᠠᠨ ᠤ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ︵ᠲᠥᠷᠥᠯ ᠵᠦᠢᠯ ᠤᠨ ᠪᠠᠯᠠ | ᠣᠷᠣᠭᠤᠯᠤᠯᠲᠠ ᠨᠢ 34 ᠲᠦᠮᠡᠨ ᠲᠥᠭᠦᠷᠢᠭ︶ ᠢ ᠬᠡᠷᠡᠭᠵᠢᠭᠦᠯᠦᠨ᠎ᠡ ᠭᠡᠵᠦ ᠬᠢᠨᠠᠨ ᠵᠥᠪᠯᠡᠭᠰᠡᠨ ᠪᠥᠭᠡᠳ ᠵᠠᠷᠴᠢᠮ | ᠳᠡᠭᠡᠷ᠎ᠡ ᠪᠠᠨ ᠵᠥᠪᠰᠢᠶᠡᠷᠡᠪᠡ᠃ | ᠬᠤᠷᠠᠯ ᠠᠴᠠ ᠱᠠᠭᠠᠷᠳᠠᠭᠰᠠᠨ ᠨᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠷᠢᠭᠤᠴᠠᠵᠤ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠢᠴᠢ ᠬᠠᠮᠢᠶ᠎ᠠ ᠪᠥᠬᠦᠶ ᠬᠠᠷᠢᠶ᠎ᠠ ᠭᠠᠵᠠᠷ ᠬᠠᠮᠵᠢᠯᠴᠠᠵᠤ᠂ | ᠨᠢᠭᠡᠨᠲᠡ ᠬᠡᠷᠡᠭᠵᠢᠭᠦᠯᠦᠭᠰᠡᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ | ᠪᠠᠯᠠ ᠮᠥᠩᠭᠦ ᠶᠢᠨ ᠲᠡᠳᠬᠦᠨ ᠳᠡᠮᠵᠢᠬᠦ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠮᠠᠲ᠋ᠧᠷᠢᠶᠠᠯ ᠤᠨ | ᠦᠨ᠎ᠡ ᠶᠢᠨ ᠬᠡᠯᠪᠡᠯᠵᠡᠯ᠂ ᠢᠨᠵᠧᠨᠧᠷᠢᠩ ᠤᠨ ᠬᠡᠮᠵᠢᠶ᠎ᠡ ᠶᠢ ᠪᠤᠳᠤᠭᠰᠠᠨ ᠵᠥᠷᠢᠶ᠎ᠡ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠤᠨ ᠲᠦᠢᠮᠣ ᠲᠥᠰᠦᠪ ᠠᠴᠠ | ᠳᠠᠪᠠᠭᠰᠠᠨ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠵᠦ᠂ ᠳᠡᠭᠡᠳᠦ ᠱᠠᠲᠤᠨ ᠤ ᠪᠠᠯᠠ ᠮᠥᠩᠭᠦ ᠶᠢ ᠠᠮᠤᠷ ᠲᠦᠪᠰᠢᠨ | ᠪᠥᠭᠡᠳ ᠥᠨᠳᠥᠷ ᠪᠦᠲᠦᠮᠵᠢᠲᠡᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠴᠣᠬᠬᠭᠤᠯᠠ ᠰᠤᠮᠤ᠂ | ᠪᠠᠶᠠᠨᠪᠤᠯᠠᠭ ᠰᠤᠮᠤ ᠲᠣᠰ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠪᠠ ᠲᠥᠷᠥᠯ ᠵᠦᠢᠯ ᠤᠨ ᠶᠠᠰᠤ ᠴᠢᠨᠠᠷ ᠢ | ᠪᠠᠲᠤᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠪᠠᠷᠢᠬᠤ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠦᠷᠭᠦᠯᠵᠢᠯᠡᠨ | ᠴᠢᠩᠭᠠᠳᠬᠠᠵᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠰᠠᠭᠠᠲᠠᠭᠠᠨ ᠦᠯᠡᠳᠡᠭᠡᠬᠦ ᠶᠢ ᠡᠷᠡᠰ ᠰᠡᠷᠭᠡᠶᠢᠯᠡᠵᠦ᠂ | ᠲᠥᠷᠥᠯ ᠵᠦᠢᠯ ᠢ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠦᠷᠭᠦᠯᠵᠢᠯᠡᠨ | ᠮᠥᠷᠳᠡᠨ ᠬᠠᠮᠢᠶᠠᠷᠴᠤ᠂ ᠥᠪᠡᠷ ᠤᠨ ᠥᠷᠲᠡᠭ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠴᠢᠨᠠᠷ | ᠰᠠᠶᠢᠲᠠᠶ ᠦᠨ᠎ᠡ ᠬᠢᠮᠳᠠ ᠪᠠᠶᠢᠬᠤ ᠶᠢ ᠦᠨᠡᠨ ᠬᠦ ᠪᠠᠲᠤᠯᠠᠵᠤ᠂ ᠮᠠᠯᠴᠢᠨ ᠲᠦᠮᠡᠨ ᠤ ᠠᠷᠠᠴᠢᠯᠠᠨ ᠲᠡᠵᠢᠭᠡᠬᠦ | ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠂ ᠲᠥᠷᠥᠯ ᠵᠦᠢᠯ ᠤᠨ ᠪᠠᠶᠢᠪᠠᠰᠤ ᠵᠣᠬᠢᠬᠤ ᠦᠷ᠎ᠡ ᠠᠰᠢᠭ ᠢ | ᠪᠠᠳᠠᠷᠠᠭᠤᠯᠤᠨ᠎ᠠ᠃ | ᠠᠷᠪᠠᠨ ᠬᠤᠶᠠᠷ᠂ ᠡᠷᠳᠡᠨᠢ ᠵᠡᠭᠡᠯᠢ ᠭᠤᠳᠤᠮᠵᠢ ᠶᠢᠨ ᠲᠣᠯᠢᠨᠲᠠᠯᠠ ᠨᠡᠶᠢᠭᠡᠮ ᠲᠣᠭᠤᠷᠢᠭ ᠤᠨ ᠲᠤᠬᠠᠶᠢᠯᠠᠭᠰᠠᠨ | ᠠᠵᠢᠯ ᠤᠨ ᠬᠡᠷ ᠪᠠᠶᠢᠰᠢᠩ ᠢ ᠳᠣᠭᠢᠷᠠᠭᠤᠯᠤᠨ ᠵᠣᠬᠢᠴᠠᠭᠤᠯᠬᠤ ᠶᠠᠪᠤᠳᠠᠯ ᠢ ᠰᠤᠳᠤᠯᠵᠤ ᠬᠢᠨᠠᠨ ᠵᠥᠪᠯᠡᠪᠡ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠬᠤᠲᠠ ᠶᠢᠨ ᠡᠷᠳᠡᠨᠢ ᠵᠡᠭᠡᠯᠢ ᠶᠢᠨ | ᠲᠣᠯᠢᠨᠲᠠᠯᠠ ᠨᠡᠶᠢᠭᠡᠮ ᠲᠣᠭᠤᠷᠢᠭ ᠪᠣᠯᠤᠨ ᠡᠮᠦᠨ᠎ᠡ ᠲᠡᠭᠦᠷᠭᠡ ᠶᠢᠨ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠬᠠᠮᠲᠤ ᠪᠠᠷ ᠨᠢᠭᠡ ᠲᠤᠬᠠᠶᠢᠯᠠᠭᠰᠠᠨ ᠠᠵᠢᠯ ᠤᠨ ᠬᠡᠷ ᠢ ᠬᠡᠷᠡᠭᠯᠡᠵᠦ᠂ ᠣᠲᠣ | ᠪᠠᠶᠢᠭ᠎ᠠ ᠬᠡᠷ ᠪᠠᠶᠢᠰᠢᠩ ᠨᠢ ᠠᠵᠢᠯ ᠤᠨ ᠬᠡᠷᠡᠭᠴᠡᠭᠡ ᠵᠢᠴᠢ ᠣᠯᠠᠨ ᠲᠦᠮᠡᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠬᠤ ᠪᠠᠶᠢᠳᠠᠯ ᠢ ᠦᠨᠳᠦᠰᠦᠯᠡᠨ᠂ ᠡᠷᠳᠡᠨᠢ ᠵᠡᠭᠡᠯᠢ | ᠭᠤᠳᠤᠮᠵᠢ ᠶᠢᠨ ᠭᠤᠶᠤᠴᠢᠯᠠᠯ ᠢᠶᠠᠷ ᠡᠳ᠋ ᠤᠨ ᠵᠠᠰᠠᠭ ᠤᠨ ᠲᠣᠪᠴᠢᠶ᠎ᠠ ᠶᠢᠨ ᠲᠥᠯᠥᠪᠯᠡᠭᠡ ᠪᠠᠷ ᠬᠠᠩᠭᠠᠶ ᠵᠠᠮ ᠤᠨ | ᠭᠤᠸᠠᠩ ᠷᠦᠩ ᠬᠦᠷᠢᠶᠡᠯᠡᠩ ᠤᠨ ᠲᠣᠨᠣᠯᠵᠢᠨ ᠵᠠᠮ ᠤᠨ ᠠᠮᠠᠰᠠᠷ ᠤᠨ ᠡᠮᠦᠨ᠎ᠡ ᠲᠠᠯ᠎ᠠ ᠶᠢᠨ ᠤᠤᠯ ᠤᠨ ᠬᠡᠷ | ᠬᠥᠷᠥᠩᠭᠡ ᠶᠢᠨ ᠲᠣᠪᠴᠢᠶ᠎ᠠ ᠶᠢᠨ ᠠᠯᠪᠠᠨ ᠠᠰᠠᠷ ︵ᠪᠠᠷᠢᠯᠭ᠎ᠠ ᠶᠢᠨ ᠲᠠᠯᠠᠪᠠᠶ ᠨᠢ 1224.61 ᠲᠡᠭᠰᠢ ᠳᠥᠷᠪᠡᠯᠵᠢᠨ | ᠮᠧᠲᠷ︶ ᠢ ᠪᠦᠬᠦᠯᠢ ᠴᠣᠭᠴᠠ ᠪᠠᠷ ᠨᠢ ᠡᠷᠳᠡᠨᠢ ᠵᠡᠭᠡᠯᠢ ᠶᠢᠨ ᠲᠣᠯᠢᠨᠲᠠᠯᠠ ᠨᠡᠶᠢᠭᠡᠮ ᠲᠣᠭᠤᠷᠢᠭ ᠲᠤ ᠰᠢᠯᠵᠢᠭᠦᠯᠦᠨ | ᠥᠭᠴᠦ ᠬᠠᠮᠢᠶᠠᠷᠤᠨ ᠬᠡᠷᠡᠭᠯᠡᠭᠦᠯᠵᠦ᠂ ᠬᠠᠩᠭᠠᠶ ᠵᠠᠮ ᠤᠨ ᠰᠢᠨ ᠶᠤᠸᠠᠨ ᠰᠠᠭᠤᠭᠠᠯᠢ ᠲᠣᠭᠤᠷᠢᠭ ᠤᠨ B ᠬᠦᠷᠢᠶᠡᠨ | ᠳᠣᠲᠣᠷᠠᠬᠢ ᠤᠤᠯ ᠤᠨ ᠲᠤᠬᠠᠶᠢᠯᠠᠭᠰᠠᠨ ᠠᠵᠢᠯ ᠳᠤ ᠬᠡᠷᠡᠭᠯᠡᠵᠦ ᠪᠠᠶᠢᠭᠰᠠᠨ ᠬᠡᠷ ︵1324.65 ᠲᠡᠭᠰᠢ | ᠳᠥᠷᠪᠡᠯᠵᠢᠨ ᠮᠧᠲᠷ︶ ᠢ ᠪᠦᠬᠦᠯᠢ ᠴᠣᠭᠴᠠ ᠪᠠᠷ ᠨᠢ ᠡᠮᠦᠨ᠎ᠡ ᠲᠡᠭᠦᠷᠭᠡ ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠤᠰᠢᠶᠠᠨ ᠬᠠᠮᠢᠶᠠᠷᠤᠭᠤᠯᠵᠤ ᠬᠡᠷᠡᠭᠯᠡᠭᠦᠯᠦᠨ᠎ᠡ᠂ ᠬᠤᠷᠠᠯ ᠳᠤ | ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠬᠦ ᠴᠢᠬᠤᠯᠠᠲᠠᠶ᠃ | ᠬᠤᠷᠠᠯ ᠠᠴᠠ᠂ ᠬᠠᠩᠭᠠᠶ ᠵᠠᠮ ᠤᠨ ᠢᠷᠠᠭᠤ ᠠᠯᠳᠠᠷ ᠤᠨ ᠬᠦᠷᠢᠶᠡᠯᠡᠩ ᠤᠨ ᠲᠣᠨᠣᠯᠵᠢᠨ ᠵᠠᠮ ᠤᠨ ᠡᠮᠦᠨ᠎ᠡ | ᠲᠠᠯ᠎ᠠ ᠶᠢᠨ ᠤᠤᠯ ᠤᠨ ᠬᠡᠷ ᠬᠥᠷᠥᠩᠭᠡ ᠶᠢᠨ ᠲᠣᠪᠴᠢᠶ᠎ᠠ ᠠᠯᠪᠠᠨ ᠠᠰᠠᠷ ᠢ ᠡᠷᠳᠡᠨᠢ ᠵᠡᠭᠡᠯᠢ ᠶᠢᠨ ᠲᠣᠯᠢᠨᠲᠠᠯᠠ ᠨᠡᠶᠢᠭᠡᠮ | ᠲᠣᠭᠤᠷᠢᠭ ᠲᠤ ᠰᠢᠯᠵᠢᠭᠦᠯᠦᠨ ᠥᠭᠴᠦ ᠬᠠᠮᠢᠶᠠᠷᠤᠨ ᠬᠡᠷᠡᠭᠯᠡᠭᠦᠯᠵᠦ᠂ ᠬᠠᠩᠭᠠᠶ ᠵᠠᠮ ᠤᠨ ᠰᠢᠨ ᠶᠤᠸᠠᠨ ᠪᠠᠭ᠎ᠠ | ᠲᠣᠭᠤᠷᠢᠭ ᠤᠨ B ᠬᠦᠷᠢᠶ᠎ᠡ ᠳᠣᠲᠣᠷᠠᠬᠢ ᠤᠤᠯ ᠤᠨ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠪᠦᠬᠦᠯᠢ | ᠴᠣᠭᠴᠠ ᠪᠠᠷ ᠨᠢ ᠡᠮᠦᠨ᠎ᠡ ᠲᠡᠭᠦᠷᠭᠡ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ ᠲᠤᠰᠢᠶᠠᠨ ᠬᠠᠮᠢᠶᠠᠷᠤᠨ ᠬᠡᠷᠡᠭᠯᠡᠭᠦᠯᠵᠦ᠂ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠵᠤ᠂ ᠡᠷᠳᠡᠨᠢ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠵᠢᠯᠴᠠᠵᠤ᠂ | ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠣᠬᠢᠷᠠᠭᠤᠯᠤᠨ ᠰᠢᠯᠵᠢᠭᠦᠯᠬᠦ ᠲᠠᠰ ᠳᠠᠷᠠᠭᠠᠯᠠᠯ ᠢ ᠭᠦᠢᠴᠡᠳᠬᠡᠨ᠎ᠡ ᠭᠡᠵᠦ | ᠵᠥᠪᠯᠡᠨ ᠲᠣᠭᠲᠠᠪᠠ᠃ | ᠠᠷᠪᠠᠨ ᠭᠤᠷᠪᠠ᠂ ᠪᠢᠯᠢᠭ ᠮᠠᠯᠵᠢᠯ ᠤᠨ ᠲᠠᠯᠠᠪᠠᠶ ᠶᠢᠨ ᠬᠥᠳᠡᠯᠮᠦᠷᠢ ᠠᠵᠢᠯ ᠣᠯᠭᠤᠯᠲᠠ ᠶᠢᠨ ᠵᠢᠭᠡᠯᠡᠯᠭᠡ | ᠭᠤᠶᠤᠴᠢᠯᠠᠬᠤ ᠶᠠᠪᠤᠳᠠᠯ ᠢ ᠰᠤᠳᠤᠯᠵᠤ ᠬᠢᠨᠠᠨ ᠵᠥᠪᠯᠡᠪᠡ | ᠪᠢᠯᠢᠭ ᠮᠠᠯᠵᠢᠯ ᠤᠨ ᠲᠠᠯᠠᠪᠠᠶ ᠨᠢ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠪᠠᠯᠠ ᠮᠥᠩᠭᠦ ᠶᠢᠨ | ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠮᠠᠯᠵᠢᠯ ᠤᠨ ᠲᠠᠯᠠᠪᠠᠶ ᠶᠢᠨ ᠦᠵᠡᠰᠬᠦᠯᠡᠩ ᠢ ᠨᠠᠩ ᠰᠠᠶᠢᠨ | ᠠᠬᠢᠭᠤᠯᠬᠤ ᠶᠢᠨ ᠲᠥᠯᠥᠭᠡ᠂ ᠪᠢᠯᠢᠭ ᠮᠠᠯᠵᠢᠯ ᠤᠨ ᠲᠠᠯᠠᠪᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠨᠡᠷ᠎ᠡ ᠪᠠᠷ ᠰᠢᠯᠢ ᠶᠢᠨ ᠬᠤᠲᠠ ᠶᠢᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠭᠤᠶᠤᠴᠢᠯᠠᠬᠤ ᠪᠠᠷ ᠲᠥᠯᠥᠪᠯᠡᠵᠦ ᠪᠣᠶ᠃ ᠬᠤᠷᠠᠯ ᠠᠴᠠ ᠪᠢᠯᠢᠭ | ᠮᠠᠯᠵᠢᠯ ᠤᠨ ᠲᠠᠯᠠᠪᠠᠶ ᠶᠢᠨ ᠬᠥᠳᠡᠯᠮᠦᠷᠢ ᠠᠵᠢᠯ ᠣᠯᠭᠤᠯᠲᠠ ᠶᠢᠨ ᠵᠢᠭᠡᠯᠡᠯᠭᠡ ᠭᠤᠶᠤᠴᠢᠯᠠᠬᠤ ᠶᠠᠪᠤᠳᠠᠯ ᠢ ᠵᠠᠷᠴᠢᠮ | ᠳᠡᠭᠡᠷ᠎ᠡ ᠪᠠᠨ ᠵᠥᠪᠰᠢᠶᠡᠷᠡᠵᠦ᠂ ᠪᠢᠯᠢᠭ ᠮᠠᠯᠵᠢᠯ ᠤᠨ ᠲᠠᠯᠠᠪᠠᠶ ᠠᠴᠠ ᠬᠠᠷᠢᠭᠤᠴᠠᠨ᠂ ᠪᠠᠯᠠ ᠮᠥᠩᠭᠦ ᠶᠢᠨ | ᠬᠡᠷᠡᠭᠴᠡᠭᠡ ᠶᠢ ᠴᠢᠩᠭ᠎ᠠ ᠵᠢᠷᠤᠮᠵᠢᠭᠤᠯᠵᠤ᠂ ᠮᠥᠩᠭᠦᠨ ᠭᠦᠢᠯᠭᠡᠭᠡᠨ ᠤ ᠪᠠᠯᠠ ᠮᠥᠩᠭᠦ ᠶᠢ ᠰᠠᠶᠢᠲᠤᠷ ᠬᠡᠷᠡᠭᠯᠡᠵᠦ | ᠠᠮᠢᠳᠤᠯᠢᠭ ᠬᠡᠷᠡᠭᠯᠡᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠠᠶᠢᠨ ᠣᠷᠴᠢᠯ | ᠬᠥᠭᠵᠢᠯᠲᠡ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠨ᠎ᠠ᠃ | ᠠᠷᠪᠠᠨ ᠳᠥᠷᠪᠡ᠂ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠵᠢᠴᠢ ᠲᠡᠭᠦᠨ ᠤ ᠬᠤᠪᠢᠶᠠᠷᠢ ᠺᠣᠮᠫᠠᠨᠢ | ᠰᠢᠯᠢ ᠶᠢᠨ ᠬᠤᠲᠠ ᠶᠢᠨ ᠸᠧ ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠪᠠᠷᠢᠴᠠᠭᠠᠲᠤ ᠵᠢᠭᠡᠯᠡᠯᠭᠡ ᠭᠤᠶᠤᠴᠢᠯᠠᠬᠤ ᠶᠠᠪᠤᠳᠠᠯ ᠢ ᠰᠤᠳᠤᠯᠤᠨ ᠬᠢᠨᠠᠨ ᠵᠥᠪᠯᠡᠪᠡ | ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠨᠢ ︿︿ᠲᠠᠷᠢᠮᠠᠯ᠂ ᠲᠡᠵᠢᠭᠡᠪᠦᠷᠢ ᠶᠢᠨ ᠦᠢᠯᠡᠰ ᠢᠶᠠᠷ ᠭᠤᠤᠯ | ᠪᠣᠯᠭᠠᠵᠤ᠂ ᠣᠯᠠᠨ ᠵᠦᠢᠯ ᠤᠨ ᠡᠵᠡᠩᠨᠡᠯᠲᠡ ᠬᠥᠭᠵᠢᠯᠲᠡ ᠪᠠᠷ ᠬᠠᠪᠰᠤᠷᠤᠮᠵᠢ ᠪᠣᠯᠭᠠᠭᠰᠠᠨ﹀﹀ ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠪᠣᠯᠤᠭᠰᠠᠨ ᠤ ᠬᠤᠪᠢ ᠳᠤ᠂ ᠡᠵᠡᠩᠨᠡᠯᠲᠡ ᠶᠢᠨ ᠬᠡᠪᠴᠢᠶ᠎ᠡ ᠪᠠᠨ | ᠥᠷᠭᠡᠳᠬᠡᠬᠦ ᠪᠠ ᠠᠵᠤ ᠠᠬᠤᠶ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠸᠧ ᠶᠤᠸᠠᠨ | ᠰᠠᠭᠠᠯᠢ ᠶᠢᠨ ᠦᠨᠢᠶᠡᠨ ᠤ ᠲᠠᠯᠠᠪᠠᠶ ᠨᠢ ᠦᠷᠭᠦᠯᠵᠢᠯᠡᠨ ᠮᠧᠩ ᠬᠡᠷ ᠤᠨ ᠡᠷᠬᠡ ᠶᠢᠨ ᠦᠨᠡᠮᠯᠡᠯ ᠲᠠᠢ ᠰᠢᠯᠢ ᠶᠢᠨ | ᠬᠤᠲᠠ ᠶᠢᠨ 116011402435 ᠳ᠋ᠤᠭᠠᠷ ᠲᠣᠭᠠᠲᠤ᠂ ᠰᠢᠯᠢ ᠶᠢᠨ ᠤᠯᠤᠰ ᠤᠨ ᠥᠮᠴᠢᠯᠡᠯᠲᠦ ︵2014︶ | 000238 ᠨᠣᠮᠧᠷᠲᠤ ᠪᠠᠷ ᠪᠠᠷᠢᠴᠠᠭ᠎ᠠ ᠪᠣᠯᠭᠠᠨ ᠰᠢᠯᠢ ᠶᠢᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ | ᠪᠠᠩᠬᠢ ᠠᠴᠠ 1400 ᠲᠦᠮᠡᠨ ᠲᠥᠭᠦᠷᠢᠭ ᠤᠨ ᠵᠢᠭᠡᠯᠡᠯᠭᠡ ᠶᠢ ᠦᠷᠭᠦᠯᠵᠢᠯᠡᠭᠦᠯᠵᠦ᠂ ᠦᠷᠭᠦᠯᠵᠢᠯᠡᠨ ᠵᠢᠭᠡᠯᠡᠬᠦ | ᠬᠤᠭᠤᠴᠠᠭ᠎ᠠ ᠨᠢ ᠨᠢᠭᠡ ᠵᠢᠯ ᠪᠣᠯᠤᠨ᠎ᠠ᠂ ᠰᠢᠯᠢ ᠶᠢᠨ ᠬᠤᠲᠠ ᠶᠢᠨ ᠸᠧ ᠶᠤᠸᠠᠨ ᠮᠠᠯ ᠠᠵᠤ ᠠᠬᠤᠶ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠨᠢ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠬᠦᠦ ᠺᠣᠮᠫᠠᠨᠢ ᠶᠢᠨ ᠬᠤᠪᠢ ᠪᠠᠷ | 300 ᠦᠬᠡᠷ᠂ 40 ᠢᠵᠢ ᠬᠡᠷ ᠬᠥᠷᠥᠩᠭᠡ ᠪᠠᠷ ᠪᠠᠷᠢᠴᠠᠭ᠎ᠠ ᠪᠣᠯᠭᠠᠨ ᠰᠢᠯᠢ ᠶᠢᠨ ᠬᠤᠲᠠ ᠶᠢᠨ ᠬᠥᠳᠡᠭᠡ | ᠲᠣᠰᠬᠤᠨ ᠤ ᠬᠤᠷᠰᠢᠭᠰᠠᠨ ᠪᠠᠩᠬᠢ ᠶᠢᠨ ᠡᠮᠦᠨᠡᠬᠢ ᠨᠡᠭᠦᠷᠡᠰᠦᠨ ᠠᠭᠤᠷᠬᠠᠶ ᠶᠢᠨ ᠰᠠᠯᠪᠤᠷᠢ ᠪᠠᠩᠬᠢ ᠠᠴᠠ 800 | ᠲᠦᠮᠡᠨ ᠲᠥᠭᠦᠷᠢᠭ ᠤᠨ ᠵᠢᠭᠡᠯᠡᠯᠭᠡ ᠭᠤᠶᠤᠴᠢᠯᠠᠵᠤ᠂ ᠵᠢᠭᠡᠯᠡᠯᠭᠡ ᠶᠢᠨ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ | ᠬᠤᠷᠠᠯ ᠠᠴᠠ ᠤᠤᠯ ᠨᠢ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠶᠢᠨ ᠵᠢᠭᠡᠯᠡᠯᠭᠡ ᠭᠤᠶᠤᠴᠢᠯᠠᠬᠤ ᠶᠠᠪᠤᠳᠠᠯ ᠢ | ᠵᠥᠪᠰᠢᠶᠡᠷᠡᠵᠦ᠂ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠠᠴᠠ ᠬᠠᠷᠢᠭᠤᠴᠠᠨ᠂ ᠪᠡᠯᠡ ᠮᠥᠩᠭᠦ ᠶᠢᠨ | ᠬᠡᠷᠡᠭᠴᠡᠭᠡ ᠶᠢ ᠴᠢᠩᠭ᠎ᠠ ᠵᠢᠷᠤᠮᠵᠢᠭᠤᠯᠵᠤ᠂ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠤᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠤᠵᠠᠭᠠᠶᠢᠷᠠᠨ | ᠬᠦᠴᠦᠷᠬᠡᠭᠵᠢᠬᠦ ᠶᠢ ᠪᠦᠲᠦᠮᠵᠢᠲᠡᠶ ᠪᠠᠷ ᠲᠦᠯᠬᠢᠨ ᠠᠬᠢᠭᠤᠯᠪᠠ᠃ | ᠠᠷᠪᠠᠨ ᠲᠠᠪᠤ᠂ ︿︿ᠰᠢᠯᠢ ᠶᠢᠨ ᠬᠤᠲᠠ ᠶᠢᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠬᠢᠵᠠᠭᠠᠷᠯᠠᠬᠤ ᠲᠣᠭᠠᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ﹀﹀ ᠶᠢ ᠰᠤᠳᠤᠯᠤᠨ ᠬᠢᠨᠠᠨ ᠵᠥᠪᠯᠡᠪᠡ | ᠬᠤᠷᠠᠯ ᠠᠴᠠ ︿︿ᠰᠢᠯᠢ ᠶᠢᠨ ᠬᠤᠲᠠ ᠶᠢᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠬᠢᠵᠠᠭᠠᠷᠯᠠᠬᠤ ᠲᠣᠭᠠᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ﹀﹀ ᠶᠢ ᠬᠢᠨᠠᠨ ᠵᠥᠪᠯᠡᠭᠰᠡᠨ ᠪᠥᠭᠡᠳ ᠵᠠᠷᠴᠢᠮ | ᠳᠡᠭᠡᠷ᠎ᠡ ᠪᠠᠨ ᠵᠥᠪᠰᠢᠶᠡᠷᠡᠵᠦ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠵᠤ᠂ ᠬᠤᠲᠠ ᠶᠢᠨ ᠨᠠᠮ ᠤᠨ | ᠬᠤᠷᠢᠶᠠᠨ ᠤ ᠣᠷᠣᠨ ᠲᠣᠭᠠᠨ ᠤ ᠠᠯᠪᠠᠨ ᠭᠡᠷ ᠲᠠᠢ ᠬᠠᠮᠲᠤᠷᠠᠨ ᠬᠤᠷᠠᠯ ᠳᠤ ᠶᠠᠷᠢᠯᠴᠠᠭᠰᠠᠨ ᠰᠠᠨᠠᠯ ᠶᠣᠰᠣᠭᠠᠷ ᠤᠯᠠᠮ | ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠧᠨ ᠬᠢᠨᠠᠨ ᠬᠠᠷᠭᠤᠭᠤᠯᠵᠤ᠂ ᠬᠤᠲᠠ ᠶᠢᠨ ᠨᠠᠮ ᠤᠨ ᠬᠤᠷᠢᠶᠠᠨ ᠤ | ᠣᠷᠣᠨ ᠲᠣᠭᠠᠨ ᠤ ᠳᠦᠷᠢᠮ ᠤᠨ ᠵᠥᠪᠯᠡᠯ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠠᠲᠤᠯᠠᠭᠰᠠᠨ ᠤ ᠳᠠᠷᠠᠭ᠎ᠠ | ᠲᠤᠷᠰᠢᠨ ᠬᠡᠷᠡᠭᠵᠢᠭᠦᠯᠬᠦ ᠬᠡᠯᠪᠡᠷᠢ ᠪᠠᠷ ᠳᠠᠷᠤᠮᠠᠯᠯᠠᠨ ᠲᠠᠷᠬᠠᠭᠠᠪᠠ᠃ | ᠠᠷᠪᠠᠨ ᠵᠢᠷᠭᠤᠭ᠎ᠠ᠂ ᠮᠠᠯᠵᠢᠬᠤ ᠣᠷᠣᠨ ᠤ ᠨᠡᠶᠢᠭᠡᠮ ᠲᠣᠭᠤᠷᠢᠭ ᠤᠨ ᠠᠷᠠᠳ ᠠᠴᠠ ᠰᠣᠩᠭᠤᠭᠰᠠᠨ ᠺᠠᠳ᠋ᠷ ᠤᠨ | ᠨᠡᠶᠢᠭᠡᠮ ᠤᠨ ᠳᠠᠭᠠᠳᠬᠠᠯ ᠲᠤᠰᠢᠶᠠᠬᠤ ᠶᠠᠪᠤᠳᠠᠯ ᠢ ᠰᠤᠳᠤᠯᠤᠨ ᠬᠢᠨᠠᠨ ᠵᠥᠪᠯᠡᠪᠡ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠮᠬᠢᠯᠡᠨ | ᠳᠢᠭᠯᠡᠭᠰᠡᠨ ᠢᠶᠠᠷ᠂ ᠮᠠᠨ ᠤ ᠬᠤᠲᠠ ᠶᠢᠨ ᠡᠯ᠎ᠡ ᠰᠤᠮᠤ ᠪᠠᠯᠭᠠᠰᠤᠨ ᠤ 2015 ᠣᠨ ᠤ 1 ᠰᠠᠷ᠎ᠠ ᠠᠴᠠ ᠡᠬᠢᠯᠡᠨ | ᠨᠡᠶᠢᠭᠡᠮ ᠤᠨ ᠳᠠᠭᠠᠳᠬᠠᠯ ᠲᠤᠰᠢᠶᠠᠬᠤ ᠨᠥᠬᠦᠴᠡᠯ ᠳᠤ ᠨᠡᠶᠢᠴᠡᠭᠰᠡᠨ ᠨᠡᠶᠢᠭᠡᠮ ᠲᠣᠭᠤᠷᠢᠭ ᠤᠨ ᠠᠷᠠᠳ ᠠᠴᠠ | ᠰᠣᠩᠭᠤᠭᠰᠠᠨ ᠺᠠᠳ᠋ᠷ ᠨᠡᠶᠢᠲᠡ 33 ᠬᠥᠮᠦᠨ ︵ᠣᠲᠣ 19 ᠬᠥᠮᠦᠨ᠂ ᠲᠤᠰᠢᠶᠠᠯ ᠠᠴᠠ ᠪᠠᠨ ᠰᠠᠯᠤᠭᠰᠠᠨ 14 | ᠬᠥᠮᠦᠨ︶ ᠪᠠᠶᠢᠵᠤ᠂ ︿︿ᠰᠢᠯᠢ ᠶᠢᠨ ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠠᠷᠠᠳ ᠠᠴᠠ ᠰᠣᠩᠭᠤᠭᠰᠠᠨ ᠺᠠᠳ᠋ᠷ ᠤᠨ ᠬᠥᠯᠥᠰᠥ ᠣᠯᠭᠤᠮᠵᠢ ᠳᠤ ᠲᠣᠬᠢᠷᠠᠭᠤᠯᠤᠯᠲᠠ ᠬᠢᠬᠦ ᠬᠡᠷᠡᠭᠵᠢᠭᠦᠯᠬᠦ ᠲᠥᠰᠦᠯ﹀ | ﹀ ︵ᠰᠢᠯᠢ ᠶᠢᠨ ᠬᠤᠲᠠ ᠶᠢᠨ ᠶᠠᠪᠤᠳᠠᠯ ᠠᠯᠪᠠᠨ ᠲᠠᠷᠬᠠᠭᠠᠭᠰᠠᠨ ﹇2015﹈ 4 ᠳ᠋ᠦ᠋ᠭᠡᠷ ᠲᠣᠭᠠᠲᠤ︶ ᠳᠠᠬᠢ ︿︿ᠡᠯ᠎ᠡ | ᠰᠤᠮᠤ ᠪᠠᠯᠭᠠᠰᠤ ᠲᠠᠯᠠᠪᠠᠶ ᠶᠢᠨ ᠬᠠᠷᠢᠶ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ ᠰᠠᠶᠢᠨ | ᠳᠤᠷ᠎ᠠ ᠠᠴᠠ ᠪᠠᠨ ︿ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠵᠢᠯᠲᠠᠨ ᠤ ᠬᠥᠯᠥᠰᠥ | ᠣᠯᠭᠤᠮᠵᠢ ᠶᠢᠨ ᠪᠣᠯᠵᠣᠭᠰᠠᠨ ᠪᠢᠴᠢᠭ﹀ ᠢ ᠲᠣᠭᠲᠠᠭᠠᠭᠰᠠᠨ ᠪᠥᠭᠡᠳ ᠬᠤᠲᠠ ᠪᠠᠯᠭᠠᠰᠤᠨ ᠤ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠲᠤᠰᠢᠶᠠᠬᠤ ᠪᠠᠷ ᠯᠠᠪᠯᠠᠯᠲᠠ ᠪᠣᠯᠭᠠᠨ᠎ᠠ﹀﹀᠂ ︿︿︿ᠰᠢᠯᠢ ᠶᠢᠨ | ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ | ᠲᠥᠰᠦᠯ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ﹀﹀ ︵ᠰᠢᠯᠢ ᠶᠢᠨ | ᠬᠤᠲᠠ ᠶᠢᠨ ᠨᠠᠮ ᠳᠤᠭᠤᠶᠢᠯᠠᠩ ᠲᠠᠷᠬᠠᠭᠠᠭᠰᠠᠨ ﹇2020﹈ 26 ᠳ᠋ᠤᠭᠠᠷ ᠲᠣᠭᠠᠲᠤ ᠳᠠᠬᠢ ︿︿ᠨᠡᠶᠢᠭᠡᠮ | ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮᠵᠢ ᠳᠤ ᠣᠷᠣᠭᠤᠯᠤᠭᠰᠠᠨ ᠬᠥᠮᠦᠰ ᠲᠤ ᠬᠤᠲᠠ | ᠪᠠᠯᠭᠠᠰᠤ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠨᠡᠶᠢᠭᠡᠮ ᠤᠨ | ᠳᠠᠭᠠᠳᠬᠠᠯ ᠲᠤᠰᠢᠶᠠᠬᠤ ᠬᠡᠷᠡᠭᠲᠡᠶ﹀﹀ ᠭᠡᠰᠡᠨ ᠬᠠᠮᠢᠶ᠎ᠠ ᠪᠥᠬᠦᠶ ᠱᠠᠭᠠᠷᠳᠠᠯᠭ᠎ᠠ ᠪᠠᠷ᠂ ᠠᠷᠠᠳ ᠤᠨ ᠶᠠᠪᠤᠳᠠᠯ ᠤᠨ | ᠲᠣᠪᠴᠢᠶ᠎ᠠ ᠡᠯ᠎ᠡ ᠰᠤᠮᠤ ᠪᠠᠯᠭᠠᠰᠤᠨ ᠤ ᠨᠥᠬᠦᠴᠡᠯ ᠳᠤ ᠨᠡᠶᠢᠴᠡᠬᠦ 33 ᠨᠡᠶᠢᠭᠡᠮ ᠲᠣᠭᠤᠷᠢᠭ ᠤᠨ ᠠᠷᠠᠳ ᠠᠴᠠ | ᠰᠣᠩᠭᠤᠭᠰᠠᠨ ᠺᠠᠳ᠋ᠷ ᠲᠤ ᠨᠡᠶᠢᠭᠡᠮ ᠤᠨ ᠳᠠᠭᠠᠳᠬᠠᠯ ᠲᠤᠰᠢᠶᠠᠬᠤ ᠪᠠᠷ ᠭᠤᠶᠤᠴᠢᠯᠠᠵᠤ᠂ ᠬᠤᠷᠠᠯ ᠳᠤ ᠳᠡᠪᠰᠢᠭᠦᠯᠵᠦ | ᠰᠤᠳᠤᠯᠤᠨ ᠬᠢᠨᠠᠨ ᠵᠥᠪᠯᠡᠭᠦᠯᠬᠦ ᠴᠢᠬᠤᠯᠠᠲᠠᠶ᠃ | ᠬᠤᠷᠠᠯ ᠠᠴᠠ᠂ ᠡᠯ᠎ᠡ ᠰᠤᠮᠤ ᠪᠠᠯᠭᠠᠰᠤᠨ ᠤ ᠨᠥᠬᠦᠴᠡᠯ ᠳᠤ ᠨᠡᠶᠢᠴᠡᠬᠦ 33 ᠨᠡᠷᠡᠰ ᠨᠡᠶᠢᠭᠡᠮ ᠲᠣᠭᠤᠷᠢᠭ ᠤᠨ | ᠠᠷᠠᠳ ᠠᠴᠠ ᠰᠣᠩᠭᠤᠭᠰᠠᠨ ᠺᠠᠳ᠋ᠷ ᠲᠤ ᠨᠡᠶᠢᠭᠡᠮ ᠤᠨ ᠳᠠᠭᠠᠳᠬᠠᠯ ᠲᠤᠰᠢᠶᠠᠵᠤ᠂ ᠡᠯ᠎ᠡ ᠰᠤᠮᠤ ᠪᠠᠯᠭᠠᠰᠤ ᠠᠴᠠ | ᠬᠠᠷᠢᠭᠤᠴᠠᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ ᠬᠠᠮᠵᠢᠯᠴᠠᠵᠤ᠂ ᠬᠤᠯᠪᠣᠭᠳᠠᠭᠰᠠᠨ ᠬᠥᠮᠦᠰ ᠤᠨ ᠰᠦᠢᠳᠬᠡᠯ ᠲᠤᠰᠢᠶᠠᠬᠤ ᠬᠦᠰᠡᠯ ᠰᠠᠨᠠᠭ᠎ᠠ᠂ | ᠨᠥᠬᠦᠵᠦ ᠲᠤᠰᠢᠶᠠᠭᠰᠠᠨ ᠵᠣᠭᠤᠰ ᠤᠨ ᠲᠤᠭ᠎ᠠ ᠵᠡᠷᠭᠡ ᠬᠠᠮᠢᠶ᠎ᠠ ᠪᠥᠬᠦᠶ ᠪᠠᠶᠢᠳᠠᠯ ᠢ ᠨᠢᠭᠡ ᠠᠯᠬᠤᠮ ᠣᠶᠢᠯᠠᠭᠠᠵᠤ᠂ | ᠵᠣᠷᠢᠭᠤᠳᠠ ᠨᠥᠬᠦᠵᠦ ᠲᠤᠰᠢᠶᠠᠬᠤ ᠳᠤᠷᠠᠲᠠᠶ ᠶᠢ ᠨᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠨᠥᠬᠦᠵᠦ | ᠲᠤᠰᠢᠶᠠᠬᠤ ᠪᠠᠷ ᠲᠣᠭᠲᠠᠵᠠᠶ︔ ᠨᠥᠬᠦᠵᠦ ᠲᠤᠰᠢᠶᠠᠬᠤ ᠬᠦᠰᠡᠯ ᠦᠭᠡᠢ ᠪᠣᠯ ᠠᠮᠠᠯᠠᠯᠲᠠ ᠶᠢᠨ ᠪᠢᠴᠢᠭ ᠲᠤ ᠭᠠᠷ ᠤᠨ | ᠦᠰᠦᠭ ᠵᠢᠷᠤᠵᠤ ᠵᠠᠬᠢᠶᠠᠯᠠᠬᠤ ᠵᠢᠴᠢ ᠳᠠᠩᠰᠠᠯᠠᠨ ᠲᠡᠮᠳᠡᠭᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ | ᠮᠠᠯᠵᠢᠬᠤ ᠣᠷᠣᠨ ᠤ ᠨᠡᠶᠢᠭᠡᠮ ᠲᠣᠭᠤᠷᠢᠭ ᠤᠨ ᠠᠷᠠᠳ ᠠᠴᠠ ᠰᠣᠩᠭᠤᠭᠰᠠᠨ ᠺᠠᠳ᠋ᠷ ᠤᠨ ᠬᠠᠤᠯᠢ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠭᠦᠢᠴᠡᠳ ᠬᠦᠷᠲᠡᠬᠦ ᠶᠢ ᠦᠨᠡᠨᠬᠦ ᠪᠠᠲᠤᠯᠠᠨ᠎ᠠ᠃ ᠡᠳ᠋ ᠤᠨ | ᠵᠠᠰᠠᠭ ᠤᠨ ᠲᠣᠪᠴᠢᠶ᠎ᠠ ᠬᠠᠷᠢᠭᠤᠴᠠᠵᠤ᠂ ᠬᠠᠮᠢᠶ᠎ᠠ ᠪᠦᠬᠦᠢ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠶ᠃ | ᠬᠤᠷᠠᠯ ᠳᠤ ᠣᠷᠣᠯᠴᠠᠭᠰᠠᠨ ᠪᠥᠬᠦ ᠶᠠᠪᠤᠴᠠ ᠶᠢᠨ ᠤᠳᠤᠷᠢᠳᠤᠯᠭ᠎ᠠ᠄ ᠶᠠᠩ ᠵᠧᠨ᠂ ᠲᠤᠯᠭᠠᠭᠤᠷᠢ᠂ ᠹᠠᠨ | ᠰᠢᠶᠤᠤ ᠴᠦᠨ᠂ ᠰᠦᠨ ᠶᠦᠩ ᠸᠧᠨ ᠨᠢᠭᠡᠳᠦᠭᠡᠷ ᠠᠴᠠ ᠶᠢᠰᠦᠳᠦᠭᠡᠷ ᠵᠥᠪᠯᠡᠬᠦ ᠰᠡᠳᠦᠪ ᠲᠤ ᠣᠷᠣᠯᠴᠠᠭᠰᠠᠨ | ᠤᠳᠤᠷᠢᠳᠤᠯᠭ᠎ᠠ᠄ ᠱᠢ ᠺᠠᠶ ᠯᠦᠩ᠂ ᠴᠠᠩ ᠵᠢᠶᠠᠨ | ᠪᠦᠬᠦ ᠶᠠᠪᠤᠴᠠ ᠳᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠭᠡᠷ ᠤᠨ ᠭᠤᠤ ᠸᠧᠨ ᠯᠢᠶᠠᠩ | ᠂ ᠡᠳ᠋ ᠤᠨ ᠵᠠᠰᠠᠭ ᠤᠨ ᠲᠤᠪᠴᠢᠶ᠎ᠠ ᠶᠢᠨ ᠱᠠᠩ ᠬᠤᠸᠠᠢ ᠭᠥᠸᠧ | ᠨᠢᠭᠡᠳᠦᠭᠡᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ ᠯᠠ | ᠯᠢ ᠭᠦᠸᠧ᠂ ᠡᠳ᠋ ᠤᠨ ᠵᠠᠰᠠᠭ ᠤᠨ ᠲᠣᠪᠴᠢᠶ᠎ᠠ ᠶᠢᠨ ᠽᠧᠩ ᠶᠠᠨ | ᠬᠤᠶᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠪᠠᠶᠠᠨᠰᠢᠯᠢ ᠮᠠᠯᠵᠢᠯ ᠤᠨ ᠲᠠᠯᠠᠪᠠᠶ ᠶᠢᠨ ᠶᠠᠩ | ᠵᠢᠶᠠᠨ ᠵᠢᠶᠦ᠋ᠨ᠂ ᠵᠠᠰᠠᠭ ᠤᠨ ᠣᠷᠳᠣᠨ ᠤ ᠠᠯᠪᠠᠨ ᠬᠡᠷ ᠤᠨ ᠯᠠ ᠯᠢ ᠭᠦᠸᠧ᠂ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠪᠤᠶᠠᠨ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠠᠩ ᠵᠢᠩ ᠹᠧᠩ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠨᠣᠮᠢᠨ᠂ ᠪᠣᠯᠠᠭᠠᠨ ᠵᠡᠭᠡᠯᠢ ᠶᠢᠨ ᠯᠦ ᠶᠠᠨ ᠵᠢᠶᠧ᠂ | ᠬᠠᠩᠭᠠᠶ ᠵᠡᠭᠡᠯᠢ ᠶᠢᠨ ᠯᠢ ᠵᠢᠩ ᠬᠤᠸᠠ᠂ ᠴᠢᠭᠤᠯᠭᠠᠨ ᠵᠡᠭᠡᠯᠢ ᠶᠢᠨ ᠵᠠᠩ ᠴᠦᠨ ᠯᠸᠢ᠂ ᠡᠷᠳᠡᠨᠢ ᠵᠡᠭᠡᠯᠢ ᠶᠢᠨ ᠸᠠᠩ | ᠹᠠᠨ᠂ ᠡᠮᠦᠨ᠎ᠡ ᠲᠡᠭᠦᠷᠭᠡ ᠶᠢᠨ ᠵᠡᠭᠡᠯᠢ ᠶᠢᠨ ᠪᠦᠦ ᠵᠧᠨ ᠵᠧᠨ᠂ ᠪᠤᠯᠠᠭᠠᠨ ᠰᠤᠮᠤᠨ ᠤ ᠮᠥᠸᠧ ᠢ᠂ ᠴᠣᠬᠬᠭᠤᠯᠠ | ᠰᠤᠮᠤᠨ ᠤ ᠰᠠᠶᠢᠰᠢᠶᠠᠯᠳᠤ᠂ ᠪᠠᠶᠠᠨᠪᠤᠯᠠᠭ ᠰᠤᠮᠤᠨ ᠤ ᠮᠥᠸᠧ ᠢ᠂ ᠷᠠᠰᠢᠶᠠᠨᠪᠤᠯᠠᠭ ᠪᠠᠯᠭᠠᠰᠤᠨ ᠤ ᠡᠷᠳᠡᠨᠢ᠂ | ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ ᠴᠢᠯᠠᠭᠤ᠂ ᠮᠣᠳᠣᠨ ᠮᠠᠯᠵᠢᠯ ᠤᠨ ᠲᠠᠯᠠᠪᠠᠶ ᠶᠢᠨ ᠴᠢᠯᠠᠭᠤ᠂ ᠮᠣᠳᠣᠨ | ᠮᠠᠯᠵᠢᠯ ᠤᠨ ᠲᠠᠯᠠᠪᠠᠶ ᠶᠠᠩ ᠹᠦ᠋᠂ ᠪᠢᠯᠢᠭ ᠮᠠᠯᠵᠢᠯ ᠤᠨ ᠲᠠᠯᠠᠪᠠᠶ ᠶᠢᠨ ᠭᠤᠤ ᠹᠧᠩ ᠴᠦᠨ᠂ ᠸᠧ ᠶᠤᠸᠠᠨ ᠮᠠᠯᠵᠢᠯ ᠤᠨ | ᠲᠠᠯᠠᠪᠠᠶ ᠶᠢᠨ ᠯᠢᠶᠠᠩ ᠴᠢᠤᠸᠠᠨ ᠹᠧᠩ | ᠭᠤᠷᠪᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ | ᠯᠠ ᠯᠢ ᠭᠦᠸᠧ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠣᠣ ᠯᠢᠶᠠᠩ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠦᠸᠧ ᠶᠢᠩ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠪᠦᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠯᠦᠸᠧ | ᠧᠨ ᠪᠦᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠸᠠᠩ ᠫᠢᠩ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠢᠶᠠᠨ ᠵᠧᠨ ᠢᠦᠶ᠂ ᠬᠡᠷ ᠪᠠᠶᠢᠰᠢᠩ ᠠᠳᠠᠯ ᠠᠬᠤᠢ ᠶᠢᠨ | ᠦᠢᠯᠡᠰ ᠤᠨ ᠲᠥᠪ ᠤᠨ ᠴᠡᠩᠭᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ | ᠴᠧᠨ ᠪᠠᠲᠤ᠂ ᠪᠤᠯᠠᠭᠠᠨ ᠵᠡᠭᠡᠯᠢ ᠶᠢᠨ ᠯᠦ ᠶᠠᠨ ᠵᠢᠶᠧ᠂ ᠬᠠᠩᠭᠠᠶ ᠵᠡᠭᠡᠯᠢ ᠶᠢᠨ ᠯᠢ ᠵᠢᠩ ᠬᠤᠸᠠ᠂ ᠴᠢᠭᠤᠯᠭᠠᠨ | ᠵᠡᠭᠡᠯᠢ ᠶᠢᠨ ᠵᠠᠩ ᠴᠦᠨ ᠯᠸᠢ᠂ ᠡᠷᠳᠡᠨᠢ ᠵᠡᠭᠡᠯᠢ ᠶᠢᠨ ᠸᠠᠩ ᠹᠠᠨ᠂ ᠪᠠᠶᠠᠨᠴᠠᠭᠠᠨ ᠵᠡᠭᠡᠯᠢ ᠶᠢᠨ ᠵᠦ ᠴᠧᠨ ᠯᠦᠩ᠂ | ᠰᠢᠷᠠᠳᠠᠯ᠎ᠠ ᠵᠡᠭᠡᠯᠢ ᠶᠢᠨ ᠴᠣᠯᠮᠤᠨ | ᠳᠥᠷᠪᠡᠳᠦᠭᠡᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ | ᠯᠠ ᠯᠢ ᠭᠦᠸᠧ᠂ ᠣᠷᠣᠨ ᠲᠣᠭᠠᠨ ᠤ ᠵᠥᠪᠯᠡᠯ ᠤᠨ ᠡᠷᠬᠢᠯᠡᠭᠴᠢ ᠵᠢᠶᠠ ᠷᠧᠩ ᠬᠦᠢ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠼᠦᠢ ᠬᠤᠩ ᠶᠢᠨ᠂ ᠰᠤᠷᠭᠠᠨ ᠬᠥᠮᠦᠵᠢᠯ ᠤᠨ | ᠲᠣᠪᠴᠢᠶ᠎ᠠ ᠶᠢᠨ ᠯᠢ ᠭᠦᠸᠧ ᠰᠢᠶᠠ | ᠲᠠᠪᠤᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠭᠡᠷ ᠤᠨ ᠯᠠ | ᠯᠢ ᠭᠦᠸᠧ᠂ ᠬᠠᠤᠯᠢ ᠴᠠᠭᠠᠵᠠ ᠶᠢᠨ ᠲᠣᠪᠴᠢᠶ᠎ᠠ ᠶᠢᠨ ᠪᠦᠦ ᠶᠦᠩ ᠴᠢᠶᠠᠨ᠂ ᠣᠷᠣᠨ ᠰᠠᠭᠤᠴᠠ ᠪᠣᠯᠤᠨ ᠬᠤᠲᠠ | ᠬᠥᠳᠡᠭᠡ ᠶᠢᠨ ᠪᠠᠶᠢᠭᠤᠯᠤᠯᠲᠠ ᠶᠢᠨ ᠲᠣᠪᠴᠢᠶ᠎ᠠ ᠶᠢᠨ ᠯᠦᠸᠧ ᠧᠨ ᠪᠦᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠸᠠᠩ ᠫᠢᠩ᠂ ᠬᠢᠨᠠᠨ ᠪᠣᠳᠣᠬᠤ ᠲᠣᠪᠴᠢᠶ᠎ᠠ ᠶᠢᠨ ᠦ᠋ ᡁᠢ ᠶᠦᠩ᠂ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠬᠤᠷᠴᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠶᠣᠣ ᠯᠢᠶᠠᠩ | ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶ ᠲᠤᠤ᠂ ᠯᠢᠦ ᠵᠧᠨ ᠱᠠᠨ᠂ ᠹᠦ᠋ ᠰᠢᠩ ᠳ᠋ᠠ ᠺᠣᠮᠫᠠᠨᠢ ᠶᠢᠨ | ᠰᠢᠤᠶ ᠴᠢᠶᠠᠩ | ᠵᠢᠷᠭᠤᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ | ᠯᠠ ᠯᠢ ᠭᠦᠸᠧ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠯᠦᠸᠧ ᠧᠨ ᠪᠦᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠸᠠᠩ ᠫᠢᠩ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠣᠣ ᠯᠢᠶᠠᠩ᠂ ᠤᠰᠤ ᠬᠠᠩᠭᠠᠬᠤ ᠪᠠ ᠭᠠᠳᠠᠭᠰᠢᠯᠠᠭᠤᠯᠬᠤ | ᠺᠣᠮᠫᠠᠨᠢ ᠶᠢᠨ ᠭᠤᠸᠠᠨ ᠸᠧᠶ ᠬᠤᠸᠠ | ᠳᠣᠯᠣᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ | ᠯᠠ ᠯᠢ ᠭᠦᠸᠧ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠶᠣᠣ ᠯᠢᠶᠠᠩ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠦᠸᠧ ᠶᠢᠩ᠂ ᠬᠠᠤᠯᠢ ᠴᠠᠭᠠᠵᠠ ᠶᠢᠨ ᠲᠣᠪᠴᠢᠶ᠎ᠠ ᠶᠢᠨ ᠪᠦᠦ ᠶᠦᠩ | ᠴᠢᠶᠠᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠦᠷᠢᠨ᠂ ᠱᠠᠩ ᠴᠥᠩ᠂ ᠯᠢᠶᠠᠩ ᠶᠦᠩ ᠯᠢ᠂ | ᠬᠢᠨᠠᠨ ᠪᠤᠳᠤᠬᠤ ᠲᠣᠪᠴᠢᠶ᠎ᠠ ᠶᠢᠨ ᠦ᠋ ᡁᠢ ᠶᠦᠩ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠠᠩ | ᠵᠢᠩ ᠹᠧᠩ | ᠨᠠᠢᠮᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ | ᠬᠡᠷᠡᠯᠴᠣᠭᠲᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠶᠣᠣ ᠯᠢᠶᠠᠩ᠂ ᠬᠢᠨᠠᠨ ᠪᠤᠳᠤᠬᠤ ᠲᠣᠪᠴᠢᠶ᠎ᠠ | ᠦ᠋ ᡁᠢ ᠶᠦᠩ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠠᠩ ᠵᠢᠩ ᠹᠧᠩ᠂ ᠴᠣᠬᠬᠭᠤᠯᠠ | ᠰᠤᠮᠤᠨ ᠤ ᠰᠠᠶᠢᠰᠢᠶᠠᠯᠳᠤ᠂ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ ᠴᠢᠯᠠᠭᠤ᠂ ᠪᠢᠯᠢᠭ ᠮᠠᠯᠵᠢᠯ ᠤᠨ ᠲᠠᠯᠠᠪᠠᠶ ᠶᠢᠨ | ᠭᠤᠤ ᠹᠧᠩ ᠴᠦᠨ | ᠶᠢᠰᠦᠳᠦᠭᠡᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠬᠡᠷ ᠤᠨ ᠯᠢ | ᠯᠧ ᠴᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠦᠷᠢᠨ᠂ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠯᠦᠸᠧ ᠧᠨ ᠪᠦᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠦᠦ ᠵᠥᠩ ᠵᠢᠶᠧ᠂ ᠴᠡᠴᠡᠷᠯᠢᠭᠵᠢᠭᠦᠯᠦᠨ ᠨᠣᠭᠤᠭᠠᠷᠠᠭᠤᠯᠬᠤ | ᠦᠢᠯᠡᠴᠢᠯᠡᠭᠡᠨ ᠤ ᠲᠥᠪ ᠤᠨ ᠪᠠᠶ ᠱᠤᠤ ᠵᠢᠶᠦ᠋ᠨ᠂ ᠬᠤᠲᠠ ᠶᠢᠨ ᠶᠠᠪᠤᠳᠠᠯ ᠤᠨ ᠬᠥᠭᠵᠢᠯᠲᠡ ᠶᠢᠨ ᠦᠢᠯᠡᠴᠢᠯᠡᠭᠡᠨ ᠤ | ᠲᠥᠪ ᠤᠨ ᠵᠣᠣ ᠰᠢᠤᠢ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠲᠥᠯᠥᠪᠵᠢᠭᠦᠯᠭᠡ ᠶᠢᠨ ᠲᠥᠪ ᠤᠨ ᠠᠶ | ᠲᠤᠤ᠂ ᠴᠠᠬᠢᠯᠭᠠᠨ ᠬᠠᠩᠭᠠᠬᠤ ᠺᠣᠮᠫᠠᠨᠢ ᠶᠢᠨ ᠬᠤᠤ ᠰᠢᠶᠤᠤ ᠵᠢᠶᠦ᠋ᠨ | ᠠᠷᠪᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ ᠭᠡᠷ ᠤᠨ ᠯᠠ | ᠯᠢ ᠭᠦᠸᠧ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠣᠣ ᠯᠢᠶᠠᠩ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠪᠦᠷᠢᠨ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠠᠩ ᠵᠢᠩ ᠹᠧᠩ᠂ ᠷᠠᠰᠢᠶᠠᠨᠪᠤᠯᠠᠭ | ᠪᠠᠯᠭᠠᠰᠤᠨ ᠤ ᠡᠷᠳᠡᠨᠢ | ᠠᠷᠪᠠᠨ ᠨᠢᠭᠡᠳᠦᠭᠡᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠭᠡᠷ ᠤᠨ ᠯᠠ ᠯᠢ ᠭᠦᠸᠧ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠽᠸᠦ ᠱᠤᠤ ᠬᠤᠸᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠨᠣᠮᠢᠨ᠂ ᠴᠣᠬᠬᠭᠤᠯᠠ ᠰᠤᠮᠤ ᠶᠢᠨ ᠶᠢᠨ ᠴᠠᠩ᠂ ᠪᠠᠶᠠᠨᠪᠤᠯᠠᠭ ᠰᠤᠮᠤ ᠶᠢᠨ | ᠸᠠᠩ ᠷᠦᠢ | ᠠᠷᠪᠠᠨ ᠬᠤᠶᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠬᠡᠷ ᠤᠨ ᠯᠠ ᠯᠢ ᠭᠦᠸᠧ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠩ ᠳ᠋ᠠᠶ ᠴᠢᠤᠸᠠᠨ᠂ ᠡᠳ᠋ ᠤᠨ | ᠵᠠᠰᠠᠭ ᠤᠨ ᠲᠣᠪᠴᠢᠶ᠎ᠠ ᠶᠢᠨ ᠪᠦᠦ ᠬᠦᠶ ᠴᠢᠨ᠂ ᠡᠷᠳᠡᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠠᠩ | ᠹᠠᠨ᠂ ᠲᠩᠷᠢ | ᠠᠷᠪᠠᠨ ᠭᠤᠷᠪᠠᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠬᠡᠷ ᠤᠨ ᠬᠡᠷᠡᠯᠴᠣᠭᠲᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠰᠣᠶᠣᠯᠳᠠᠯᠠᠶ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠦ᠋ ᠸᠧᠶ᠂ ᠪᠢᠯᠢᠭ ᠮᠠᠯᠵᠢᠯ ᠤᠨ ᠲᠠᠯᠠᠪᠠᠶ ᠶᠢᠨ | ᠭᠤᠤ ᠹᠧᠩ ᠴᠦᠨ | ᠠᠷᠪᠠᠨ ᠳᠥᠷᠪᠡᠳᠦᠭᠡᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠬᠡᠷ ᠤᠨ ᠬᠡᠷᠡᠯᠴᠣᠭᠲᠤ᠂ ᠡᠳ᠋ ᠤᠨ ᠵᠠᠰᠠᠭ ᠤᠨ ᠲᠣᠪᠴᠢᠶ᠎ᠠ ᠶᠢᠨ ᠪᠦᠦ ᠬᠦᠶ ᠴᠢᠨ᠂ ᠸᠧ ᠶᠤᠸᠠᠨ ᠰᠠᠭᠠᠯᠢ ᠶᠢᠨ | ᠦᠨᠢᠶᠡᠨ ᠤ ᠲᠠᠯᠠᠪᠠᠶ ᠶᠢᠨ ᠷᠧᠨ ᠳ᠋ᠢᠶᠠᠨ ᠢᠦᠶ | ᠠᠷᠪᠠᠨ ᠲᠠᠪᠤᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠬᠡᠷ ᠤᠨ ᠯᠠ ᠯᠢ ᠭᠦᠸᠧ᠂ ᠣᠷᠣᠨ ᠲᠣᠭᠠᠨ ᠤ ᠵᠥᠪᠯᠡᠯ ᠤᠨ ᠡᠷᠬᠢᠯᠡᠭᠴᠢ ᠵᠢᠶᠠ ᠷᠧᠩ ᠬᠦᠢ᠂ ᠰᠤᠷᠭᠠᠨ | ᠬᠥᠮᠦᠵᠢᠯ ᠤᠨ ᠲᠣᠪᠴᠢᠶ᠎ᠠ ᠶᠢᠨ ᠽᠦᠸᠧ ᠵᠠᠨ ᠶᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠰᠣᠶᠣᠯᠳᠠᠯᠠᠶ | ᠠᠷᠪᠠᠨ ᠵᠢᠷᠭᠤᠳᠤᠭᠠᠷ ᠵᠥᠪᠯᠡᠬᠦ ᠰᠡᠳᠦᠪ ᠲᠤ ᠰᠤᠯᠠ ᠣᠷᠣᠯᠴᠠᠭᠰᠠᠳ᠄ ᠵᠠᠰᠠᠭ ᠤᠨ ᠣᠷᠳᠣᠨ ᠤ ᠠᠯᠪᠠᠨ | ᠭᠡᠷ ᠤᠨ ᠵᠧᠩ ᠸᠧᠢ᠂ ᠵᠣᠬᠢᠶᠠᠨ ᠪᠠᠶᠢᠭᠤᠯᠬᠤ ᠬᠡᠯᠲᠡᠰ ᠤᠨ ᠬᠦᠰᠡᠯᠡᠩ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠸᠠᠩ ᠵᠢᠩ ᠺᠧ᠂ ᠬᠢᠨᠠᠨ ᠪᠤᠳᠤᠬᠤ ᠲᠣᠪᠴᠢᠶ᠎ᠠ ᠶᠢᠨ ᠡᠦ ᡁᠢ ᠶᠦᠩ᠂ ᠨᠡᠭᠡᠭᠡᠯᠲᠡ ᠶᠢᠨ ᠲᠣᠭᠤᠷᠢᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠠ ᠴᠢᠩ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠰᠣᠶᠣᠯᠳᠠᠯᠠᠶ᠂ ᠹᠠᠨ ᠰᠢᠶᠣᠤ ᠯᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠬᠠᠨ ᠯᠧ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠵᠢᠶᠠᠩ ᠲᠢᠶᠧ ᠵᠢᠶᠦ᠋ᠨ᠂ ᠪᠤᠯᠠᠭ ᠰᠤᠮᠤᠨ ᠤ | ᠮᠦᠸᠧ ᠢ᠂ ᠴᠣᠭᠬᠭᠤᠯᠠ ᠰᠣᠮᠤᠨ ᠤ ᠶᠢᠨ ᠴᠠᠩ᠂ ᠪᠠᠶᠠᠨᠪᠤᠯᠠᠭ ᠰᠤᠮᠤᠨ ᠤ ᠸᠠᠩ ᠷᠦᠢ᠂ ᠷᠠᠰᠢᠶᠠᠨᠪᠤᠯᠠᠭ | ᠪᠠᠯᠭᠠᠰᠤᠨ ᠤ ᠡᠷᠳᠡᠨᠢ |