ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠣᠪᠴᠢ ᠲᠡᠮᠳᠡᠭᠯᠡᠯ
ᠨᠡᠶᠢᠲᠡᠯᠡᠭᠰᠡᠨ ᠴᠠᠭ᠄
2024/9/24
     2024 ᠣᠨ ᠤ 7 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦᠷᠢᠨᠵᠢᠨ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠠᠵᠠᠷ ᠰᠢᠷᠣᠢ ᠶᠢ ᠦᠨ᠎ᠡ ᠬᠠᠶᠠᠵᠤ ᠬᠤᠳᠠᠯᠳᠤᠬᠤ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠢᠴᠢ ᠭᠠᠵᠠᠷ ᠰᠢᠷᠣᠢ ᠶᠢ ᠰᠢᠯᠵᠢᠭᠦᠯᠦᠨ ᠥᠭᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠲᠣᠪᠴᠢ ᠠᠭᠤᠯᠭ᠎ᠠ ᠨᠢ ᠳᠣᠣᠷᠠᠬᠢ ᠮᠡᠲᠦ᠃      ᠬᠤᠷᠠᠯ ᠠᠴᠠ᠂ ᠨᠢᠭᠡ ᠳᠤ ᠰᠢᠯᠢ ᠶᠢᠨ ᠬᠤᠲᠠ ᠶᠢᠨ ᠷᠠᠰᠢᠶᠠᠨᠪᠤᠯᠠᠭ ᠪᠠᠯᠭᠠᠰᠤ ᠶᠢᠨ ᠰᠡᠷᠭᠦᠯᠡᠩ ᠭᠠᠴᠠᠭ᠎ᠠ ᠶᠢᠨ 10442.00 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠦᠨ᠎ᠡ ᠬᠠᠶᠠᠵᠤ ᠬᠤᠳᠠᠯᠳᠤᠬᠤ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ᠂ ᠲᠤᠬᠠᠶᠢᠯᠠᠪᠠᠯ 118 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠬᠡᠷᠡᠭᠵᠢᠭᠦᠯᠵᠦ᠂ ᠬᠤᠳᠠᠯᠳᠤᠬᠤ ᠵᠢᠯ ᠬᠤᠭᠤᠴᠠᠭ᠎ᠠ ᠶᠢ 50 ᠵᠢᠯ ᠢᠶᠠᠷ ᠲᠣᠭᠲᠠᠭᠠᠨ᠎ᠠ ᠭᠡᠵᠦ ᠵᠥᠪᠯᠡᠨ ᠲᠣᠭᠲᠠᠪᠠ᠃      ᠬᠤᠶᠠᠷ ᠲᠤ ᠰᠢᠯᠢ ᠶᠢᠨ ᠬᠤᠲᠠ ᠶᠢᠨ ᠪᠠᠶᠠᠨᠪᠤᠯᠠᠭ ᠰᠤᠮᠤᠨ ᠤ ᠪᠠᠶᠠᠨᠪᠤᠯᠠᠭ ᠭᠠᠴᠠᠭᠠᠨ ᠤ 9558.00 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠦᠨ᠎ᠡ ᠬᠠᠶᠠᠵᠤ ᠬᠤᠳᠠᠯᠳᠤᠬᠤ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ᠂ ᠲᠤᠬᠠᠶᠢᠯᠠᠪᠠᠯ 119 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠬᠡᠷᠡᠭᠵᠢᠭᠦᠯᠵᠦ᠂ ᠬᠤᠳᠠᠯᠳᠤᠬᠤ ᠵᠢᠯ ᠬᠤᠭᠤᠴᠠᠭ᠎ᠠ ᠶᠢ 50 ᠵᠢᠯ ᠢᠶᠠᠷ ᠬᠡᠷᠡᠭᠵᠢᠭᠦᠯᠪᠡ᠃      ᠭᠤᠷᠪᠠ ᠳᠤ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ 165203.89 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠦᠨ᠎ᠡ ᠬᠠᠶᠠᠵᠤ ᠬᠤᠳᠠᠯᠳᠤᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠣᠰ ᠭᠠᠵᠠᠷ ᠤᠨ ᠬᠡᠷᠡᠭᠵᠢᠭᠦᠯᠬᠦ ᠲᠥᠷᠥᠯ ᠵᠦᠢᠯ ᠨᠢ ᠮᠠᠨ ᠤ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠪᠣᠯᠬᠤ ᠶᠢ ᠦᠨᠳᠦᠰᠦᠯᠡᠨ᠂ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ ᠨᠡᠶᠢᠲᠡ 53 ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ︿︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀﹀ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︿︿ᠪᠦᠰᠡᠯᠡᠯᠲᠡ ᠶᠢ ᠰᠢᠪᠲᠤᠯᠬᠤ﹀﹀ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢᠨ ᠲᠤᠰᠠᠳᠠ᠂ ᠭᠠᠵᠠᠷ ᠰᠢᠷᠣᠶ ᠶᠢ ᠦᠨ᠎ᠡ ᠬᠠᠶᠠᠵᠤ ᠬᠤᠳᠠᠯᠳᠤᠬᠤ ᠦᠨ᠎ᠡ ᠬᠠᠩᠰᠢ ᠶᠢᠨ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠵᠦ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ ᠬᠠᠩᠰᠢ 141 ᠲᠥᠭᠦᠷᠢᠭ / ᠲᠡᠭᠰᠢ ᠳᠥᠷᠪᠡᠯᠵᠢᠨ ᠮᠧᠲᠷ ᠪᠦᠷᠢ ᠳᠤ 15% ᠪᠠᠷ ᠪᠠᠭᠤᠷᠠᠭᠤᠯᠤᠨ᠎ᠠ᠂ ᠳᠠᠷᠤᠶ 120 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠬᠡᠷᠡᠭᠵᠢᠭᠦᠯᠵᠦ᠂ ᠬᠤᠳᠠᠯᠳᠤᠬᠤ ᠵᠢᠯ ᠬᠤᠭᠤᠴᠠᠭ᠎ᠠ 50 ᠵᠢᠯ ᠪᠣᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠡᠷᠴᠢᠮᠵᠢᠭᠦᠯᠦᠨ ᠠᠷᠪᠢᠲᠠᠶ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠪᠠᠷᠢᠯᠭ᠎ᠠ ᠶᠢᠨ ᠥᠨᠳᠥᠷ ᠢ 35 ᠮᠧᠲᠷ ᠢᠶᠠᠷ ᠬᠢᠵᠠᠭᠠᠷᠯᠠᠵᠤ ᠪᠠᠶᠢᠭᠰᠠᠨ ᠠᠴᠠ 60 ᠮᠧᠲᠷ ᠪᠣᠯᠭᠠᠨ ᠳᠡᠭᠡᠭᠰᠢᠯᠡᠭᠦᠯᠪᠡ᠃      ᠳᠥᠷᠪᠡ ᠳᠤ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ 281914.11 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠪᠠ ᠬᠤᠲᠠ ᠪᠠᠯᠭᠠᠰᠤ ᠲᠣᠰᠬᠤᠨ ᠤ ᠵᠠᠮ ᠤᠨ ᠬᠡᠷᠡᠭᠯᠡᠬᠦ ᠭᠠᠵᠠᠷ ᠢ ᠦᠨ᠎ᠡ ᠬᠠᠶᠠᠵᠤ ᠬᠤᠳᠠᠯᠳᠤᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠣᠰ ᠭᠠᠵᠠᠷ ᠤᠨ ᠬᠡᠷᠡᠭᠵᠢᠭᠦᠯᠬᠦ ᠲᠥᠷᠥᠯ ᠵᠦᠢᠯ ᠨᠢ ᠮᠠᠨ ᠤ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠪᠣᠯᠬᠤ ᠶᠢ ᠦᠨᠳᠦᠰᠦᠯᠡᠨ᠂ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ ᠨᠡᠶᠢᠲᠡ 53 ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ︿︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀﹀ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︿︿ᠪᠦᠰᠡᠯᠡᠯᠲᠡ ᠶᠢ ᠰᠢᠪᠲᠤᠯᠬᠤ﹀﹀ ᠢᠨᠵᠧᠨᠧᠷᠢᠩ ᠢ ᠲᠦᠷᠭᠡᠳᠬᠡᠨ ᠠᠬᠢᠭᠤᠯᠵᠤ ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢᠨ ᠲᠤᠰᠠᠳᠠ᠂ ᠭᠠᠵᠠᠷ ᠰᠢᠷᠣᠶ ᠶᠢ ᠦᠨ᠎ᠡ ᠬᠠᠶᠠᠵᠤ ᠬᠤᠳᠠᠯᠳᠤᠬᠤ ᠦᠨ᠎ᠡ ᠬᠠᠩᠰᠢ ᠶᠢᠨ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠵᠦ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶  ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ ᠬᠠᠩᠰᠢ 141 ᠲᠥᠭᠦᠷᠢᠭ / ᠲᠡᠭᠰᠢ ᠳᠥᠷᠪᠡᠯᠵᠢᠨ ᠮᠧᠲᠷ ᠪᠦᠷᠢ ᠳᠤ 15% ᠪᠠᠷ ᠪᠠᠭᠤᠷᠠᠭᠤᠯᠤᠨ᠎ᠠ᠂ ᠳᠠᠷᠤᠶ 120 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠬᠡᠷᠡᠭᠵᠢᠭᠦᠯᠵᠦ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠡᠷᠴᠢᠮᠵᠢᠭᠦᠯᠦᠨ ᠠᠷᠪᠢᠲᠠᠶ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠪᠠᠷᠢᠯᠭ᠎ᠠ ᠶᠢᠨ ᠥᠨᠳᠥᠷ ᠢ 35 ᠮᠧᠲᠷ ᠢᠶᠠᠷ ᠬᠢᠵᠠᠭᠠᠷᠯᠠᠵᠤ ᠪᠠᠶᠢᠭᠰᠠᠨ ᠠᠴᠠ 60 ᠮᠧᠲᠷ ᠪᠣᠯᠭᠠᠨ ᠳᠡᠭᠡᠭᠰᠢᠯᠡᠭᠦᠯᠪᠡ᠃      ᠲᠠᠪᠤ ᠳᠤ ᠰᠢᠯᠢ ᠶᠢᠨ ᠬᠤᠲᠠ ᠬᠤᠲᠠ ᠶᠢᠨ ᠳᠠᠷᠤᠭ᠎ᠠ ᠶᠢᠨ ᠬᠤᠲᠠ ᠵᠡᠭᠡᠯᠢ ᠠᠴᠠ ᠡᠮᠦᠨᠡᠰᠢ᠂ ᠵᠡᠭᠦᠨ ᠬᠤᠶᠠᠳᠤᠭᠠᠷ ᠲᠣᠭᠤᠷᠢᠭ ᠠᠴᠠ ᠪᠠᠷᠠᠭᠤᠨᠰᠢ 44267.55 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠦᠨ᠎ᠡ ᠬᠠᠶᠠᠨ ᠬᠤᠳᠠᠯᠳᠤᠵᠤ ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ 152 ᠲᠥᠭᠦᠷᠢᠭ / ᠲᠡᠭᠰᠢ ᠳᠥᠷᠪᠡᠯᠵᠢᠨ ᠮᠧᠲᠷ ᠤᠨ 20% ᠪᠠᠷ ᠥᠰᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠳᠠᠷᠤᠶ 183 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠡᠷᠴᠢᠮᠵᠢᠭᠦᠯᠦᠨ ᠠᠷᠪᠢᠲᠠᠶ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠪᠠᠷᠢᠯᠭ᠎ᠠ ᠶᠢᠨ ᠥᠨᠳᠥᠷ ᠢ 24 ᠮᠧᠲᠷ ᠢᠶᠠᠷ ᠬᠢᠵᠠᠭᠠᠷᠯᠠᠵᠤ ᠪᠠᠶᠢᠭᠰᠠᠨ ᠠᠴᠠ 35 ᠮᠧᠲᠷ ᠪᠣᠯᠭᠠᠨ ᠳᠡᠭᠡᠭᠰᠢᠯᠡᠭᠦᠯᠪᠡ᠃      ᠵᠢᠷᠭᠤᠭ᠎ᠠ ᠳᠤ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ 12236.19 ᠲᠡᠭᠰᠢ ᠳᠥᠷᠪᠡᠯᠵᠢᠨ ᠮᠧᠲᠷ ᠤᠨ ᠬᠥᠮᠥᠷᠭᠡ ᠳᠤ ᠬᠡᠷᠡᠭᠯᠡᠬᠦ ᠭᠠᠵᠠᠷ ᠢ  ᠦᠨ᠎ᠡ ᠬᠠᠶᠠᠨ ᠬᠤᠳᠠᠯᠳᠤᠵᠤ ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ 145 ᠲᠥᠭᠦᠷᠢᠭ / ᠲᠡᠭᠰᠢ ᠳᠥᠷᠪᠡᠯᠵᠢᠨ ᠮᠧᠲᠷ ᠤᠨ 20% ᠪᠠᠷ ᠥᠰᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠳᠠᠷᠤᠶ 174 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃      ᠳᠣᠯᠤᠭ᠎ᠠ ᠳᠤ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ 10111.77 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠦᠨ᠎ᠡ ᠬᠠᠶᠠᠨ ᠬᠤᠳᠠᠯᠳᠤᠵᠤ ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ 145 ᠲᠥᠭᠦᠷᠢᠭ / ᠲᠡᠭᠰᠢ ᠳᠥᠷᠪᠡᠯᠵᠢᠨ ᠮᠧᠲᠷ ᠤᠨ 20% ᠪᠠᠷ ᠥᠰᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠳᠠᠷᠤᠶ 174 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃      ᠨᠠᠢᠮᠠ ᠳᠤ ᠰᠢᠯᠢ ᠶᠢᠨ ᠬᠤᠲᠠ ᠶᠢᠨ ᠰᠢᠷᠠᠲᠠᠯ᠎ᠠ ᠵᠡᠭᠡᠯᠢ ᠠᠴᠠ ᠬᠤᠶᠢᠰᠢ᠂ ᠲᠣᠭᠤᠷᠢᠭ ᠤᠨ ᠬᠤᠭᠤᠷᠣᠨᠳᠣᠬᠢ ᠵᠠᠮ ᠠᠴᠠ ᠵᠡᠭᠦᠨᠰᠢ 17657.92 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠦᠨ᠎ᠡ ᠬᠠᠶᠠᠨ ᠬᠤᠳᠠᠯᠳᠤᠵᠤ ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ 152 ᠲᠥᠭᠦᠷᠢᠭ / ᠲᠡᠭᠰᠢ ᠳᠥᠷᠪᠡᠯᠵᠢᠨ ᠮᠧᠲᠷ ᠤᠨ 20% ᠪᠠᠷ ᠥᠰᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠳᠠᠷᠤᠶ 183 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃      ᠶᠢᠰᠦ ᠳᠤ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠤᠨ 17818.78 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠦᠨ᠎ᠡ ᠬᠠᠶᠠᠨ ᠬᠤᠳᠠᠯᠳᠤᠵᠤ ᠂ ᠦᠨ᠎ᠡ ᠬᠠᠶᠠᠵᠤ ᠬᠤᠳᠠᠯᠳᠤᠬᠤ ᠰᠠᠭᠤᠷᠢ ᠦᠨ᠎ᠡ ︵ᠡᠬᠢᠯᠡᠯᠲᠡ ᠶᠢᠨ ᠦᠨ᠎ᠡ︶ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ 141 ᠲᠥᠭᠦᠷᠢᠭ / ᠲᠡᠭᠰᠢ ᠳᠥᠷᠪᠡᠯᠵᠢᠨ ᠮᠧᠲᠷ ᠤᠨ 20% ᠪᠠᠷ ᠥᠰᠬᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠳᠠᠷᠤᠶ 170 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃      ᠠᠷᠪᠠ ᠳᠤ ᠵᠠᠷᠴᠢᠮ ᠳᠡᠭᠡᠷ᠎ᠡ ᠪᠠᠨ ᠰᠢᠯᠢ ᠶᠢᠨ ᠬᠤᠲᠠ ᠶᠢᠨ ᠪᠠᠶᠠᠨᠪᠤᠯᠠᠭ ᠰᠤᠮᠤᠨ ᠤ ᠨᠠᠷᠠᠨᠪᠤᠯᠠᠭ ᠭᠠᠴᠠᠭᠠᠨ ᠤ 43129.00 ᠲᠡᠭᠰᠢ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠬᠡᠯᠡᠯᠴᠡᠭᠡᠷ ᠢᠶᠠᠷ ᠬᠤᠳᠠᠯᠳᠤᠬᠤ ᠶᠢ ᠵᠥᠪᠰᠢᠶᠡᠷᠡᠵᠦ᠂ ᠬᠡᠯᠡᠯᠴᠡᠭᠡᠷ ᠢᠶᠠᠷ ᠬᠤᠳᠠᠯᠳᠤᠬᠤ ᠦᠨ᠎ᠡ ᠬᠠᠩᠰᠢ ᠶᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ᠂ ᠳᠠᠷᠤᠶ 100 ᠲᠥᠭᠦᠷᠢᠭ / ᠲᠡᠭᠰᠢ ᠳᠥᠷᠪᠡᠯᠵᠢᠨ ᠮᠧᠲᠷ ᠤᠨ ᠶᠣᠰᠣᠭᠠᠷ ᠬᠡᠷᠡᠭᠵᠢᠭᠦᠯᠵᠦ᠂ ᠬᠤᠳᠠᠯᠳᠤᠬᠤ ᠵᠢᠯ ᠬᠤᠭᠤᠴᠠᠭ᠎ᠠ ᠨᠢ 50 ᠵᠢᠯ ᠪᠣᠯᠤᠨ᠎ᠠ᠃      ᠠᠷᠪᠠᠨ ᠨᠢᠭᠡ ᠳᠤ ᠲᠥᠪ ᠤᠨ ᠨᠥᠭᠡᠴᠡ ᠠᠮᠤ ᠪᠣᠯᠬᠤ ᠰᠢᠯᠢ ᠶᠢᠨ ᠭᠤᠤᠯ ᠤᠨ ᠰᠢᠭᠤᠳ ᠬᠠᠷᠢᠶ᠎ᠠ ᠬᠥᠮᠥᠷᠭᠡ ᠶᠢᠨ ᠬᠠᠳᠠᠭᠠᠯᠠᠬᠤ ᠲᠥᠷᠥᠯ ᠵᠦᠢᠯ ᠨᠢ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ 65888.47 ᠲᠡᠭᠰᠢ ᠳᠥᠷᠪᠡᠯᠵᠢᠨ ᠮᠧᠲᠷ ᠤᠨ ᠨᠥᠭᠡᠴᠡ ᠬᠥᠮᠥᠷᠭᠡ ᠳᠤ ᠬᠡᠷᠡᠭᠯᠡᠬᠦ ᠭᠠᠵᠠᠷ ᠢ ᠲᠥᠪ ᠤᠨ ᠨᠥᠭᠡᠴᠡ ᠠᠮᠤ ᠶᠢᠨ ᠰᠢᠯᠢ ᠶᠢᠨ ᠭᠤᠤᠯ ᠤᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ ᠳᠤ ᠬᠤᠪᠢᠶᠠᠷᠢᠯᠠᠨ ᠥᠭᠴᠦ ᠲᠥᠪ ᠤᠨ ᠨᠥᠭᠡᠴᠡ ᠠᠮᠤ ᠶᠢᠨ ᠬᠥᠮᠥᠷᠭᠡ ᠳᠤ ᠬᠠᠳᠠᠭᠠᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃      ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠄ ᠶᠠᠩ ᠵᠧᠨ᠂ ᠲᠤᠯᠭᠠᠭᠤᠷᠢ᠂ ᠹᠠᠨ ᠰᠢᠶᠤᠤ ᠴᠦᠨ᠂ ᠰᠦᠨ ᠶᠦᠩ ᠸᠧᠨ᠂ ᠴᠠᠩ ᠵᠢᠶᠠᠨ᠂ ᠶᠢᠨ ᠵᠢᠶᠦ᠋ᠨ ᠹᠧᠩ᠂ ᠭᠤᠤ ᠸᠧᠨ ᠯᠢᠶᠠᠩ      ᠰᠤᠯᠠ ᠣᠷᠣᠯᠴᠠᠭᠰᠠᠳ᠄ ᠨᠡᠭᠡᠭᠡᠨ ᠬᠥᠭᠵᠢᠭᠦᠯᠬᠦ ᠲᠣᠭᠤᠷᠢᠭ ᠤᠨ ᠸᠠᠩ ᠳ᠋ᠧ᠂ ᠵᠠᠰᠠᠭ ᠤᠨ ᠣᠷᠳᠣᠨ ᠤ ᠠᠯᠪᠠᠨ ᠬᠡᠷ ᠤᠨ ᠯᠢ ᠯᠧ ᠴᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠦᠷᠢᠨ᠂ ᠯᠢᠶᠠᠩ ᠶᠦᠩ ᠯᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠣᠣ ᠯᠢᠶᠠᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠦᠸᠧ ᠶᠢᠩ᠂ ᠬᠠᠤᠯᠢ ᠴᠠᠭᠠᠵᠠ ᠶᠢᠨ ᠲᠣᠪᠴᠢᠶ᠎ᠠ ᠶᠢᠨ ᠪᠦᠦ ᠶᠦᠩ ᠴᠢᠶᠠᠨ᠂ ᠡᠳ᠋ ᠤᠨ ᠵᠠᠰᠠᠭ ᠤᠨ ᠲᠣᠪᠴᠢᠶ᠎ᠠ ᠶᠢᠨ ᠱᠠᠩ ᠬᠤᠸᠠᠢ ᠭᠦᠸᠧ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠯᠦᠸᠧ ᠧᠨ ᠪᠦᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠤᠩ ᠯᠢ ᠭᠦᠸᠧ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠩ ᠳ᠋ᠠᠶ ᠴᠢᠤᠸᠠᠨ᠂ ᠬᠢᠨᠠᠨ ᠪᠤᠳᠤᠬᠤ ᠲᠣᠪᠴᠢᠶ᠎ᠠ ᠶᠢᠨ ᠦ᠋ ᡁᠢ ᠶᠦᠩ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠠᠩ ᠵᠢᠩ ᠹᠧᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠦᠦ ᠵᠥᠩ ᠵᠢᠶᠧ᠂ ᠪᠠᠶᠠᠨᠪᠤᠯᠠᠭ ᠰᠤᠮᠤ ᠶᠢᠨ ᠴᠢᠶᠣᠤ ᠭᠤᠸᠠᠩ᠂ ᠷᠠᠰᠢᠶᠠᠨᠪᠤᠯᠠᠭ ᠪᠠᠯᠭᠠᠰᠤ ᠶᠢᠨ ᠡᠷᠳᠡᠨᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠬᠤᠸᠠᠩ ᠯᠢ ᠵᠢᠶᠠᠩ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠥᠪ ᠤᠨ ᠸᠠᠩ ᠶᠢᠩ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠲᠥᠪ ᠤᠨ ᠠᠶ ᠲᠤᠤ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号