ᠡᠯ᠎ᠡ ᠬᠤᠯᠪᠣᠭᠳᠠᠯ ᠪᠥᠬᠦᠶ ᠨᠢᠭᠡᠴᠡ ᠳᠤ᠄ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ︿︿ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ﹀﹀ ︿︿2024 ᠣᠨ ᠤ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ﹀﹀ ᠤᠨ | ᠬᠤᠯᠪᠣᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠲᠠ ᠶᠢᠨ | ᠵᠠᠰᠠᠭ ᠤᠨ ᠣᠷᠳᠣᠨ ᠢᠶᠠᠷ ᠰᠤᠳᠤᠯᠤᠭᠤᠯᠤᠭᠠᠳ᠂ ᠡᠳᠦᠭᠡ ︿︿2024 ᠣᠨ ᠤ ᠰᠢᠯᠢ ᠶᠢᠨ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀﹀ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ ᠰᠢᠯᠢ ᠶᠢᠨ ᠬᠤᠲᠠ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ | ᠬᠡᠷᠡᠭᠵᠢᠭᠦᠯᠬᠦ ᠲᠥᠰᠦᠯ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ︿︿ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ﹀﹀ ︵ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ﹇2023﹈ 75 ᠳ᠋ᠤᠭᠠᠷ ᠲᠣᠭᠠᠲᠤ︶ ᠵᠢᠴᠢ ︿︿2024 | ᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠮᠡᠳᠡᠭᠳᠡᠯ﹀﹀ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ﹇2024﹈ 49 ᠳ᠋ᠦ᠋ᠭᠡᠷ ᠲᠣᠭᠠᠲᠤ︶ ᠤᠨ | ᠬᠤᠯᠪᠣᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠤᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠦᠢᠮᠣᠴᠢᠯᠠᠯ | ︵ᠨᠢᠭᠡ︶ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ | ᠲᠠᠯ᠎ᠠ ᠪᠠᠷ ᠲᠤᠤᠱᠯᠠᠭᠤᠯᠵᠤ᠂ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠨᠢ | ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠬᠤᠲᠠ ᠶᠢᠨ | ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ | ᠴᠢᠬᠤᠯᠠ ᠭᠠᠷᠳᠠᠴᠠ ᠪᠣᠯᠭᠠᠵᠤ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ | ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦᠯᠢ ᠴᠣᠭᠴᠠ ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ | ᠤᠶᠠᠨ ᠬᠠᠲᠠᠨ ᠴᠢᠨᠠᠷ᠂ ᠣᠶᠤᠨᠴᠢ ᠬᠤᠲᠠ ᠶᠢ ᠪᠦᠲᠦᠭᠡᠨ ᠪᠠᠶᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ᠃ ᠬᠤᠲᠠ ᠶᠢᠨ ᠥᠷᠢᠰᠦᠯᠳᠦᠬᠦ ᠬᠦᠴᠦᠨ᠂ ᠳᠠᠭᠠᠭᠠᠴᠠ ᠬᠦᠴᠦᠨ ᠪᠠ ᠦᠷᠭᠦᠯᠵᠢᠯᠡᠭᠰᠡᠨ | ᠬᠥᠭᠵᠢᠯᠲᠡ ᠶᠢ ᠨᠥᠯᠥᠭᠡᠯᠡᠬᠦ ᠳᠤᠲᠠᠭᠤᠳᠠᠯ ᠪᠠ ᠪᠠᠭᠤᠷᠠᠶ ᠲᠠᠯ᠎ᠠ ᠪᠠᠨ ᠡᠷᠢᠵᠦ᠂ ᠣᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ᠂ ᠡᠮᠵᠡᠭ ᠠᠰᠠᠭᠤᠳᠠᠯ ᠢ ᠡᠷᠢᠨ ᠭᠠᠷᠭᠠᠵᠤ᠂ ᠴᠢᠭᠯᠡᠭᠦᠯᠦᠯᠲᠦ | ᠴᠢᠨᠠᠷᠲᠠᠶ ᠠᠷᠭ᠎ᠠ ᠬᠡᠮᠵᠢᠶ᠎ᠡ ᠳᠤᠷᠠᠳᠴᠤ᠂ ᠬᠤᠲᠠ ᠶᠢᠨ ᠬᠥᠭᠵᠢᠯᠲᠡ ᠶᠢᠨ ᠬᠠᠷᠠᠯᠲᠠ ᠶᠢ ᠰᠢᠯᠢᠳᠡᠭᠵᠢᠭᠦᠯᠬᠦ ᠶᠢ ᠡᠮᠬᠢ | ᠵᠢᠷᠤᠮ ᠲᠠᠢ ᠠᠬᠢᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ︿︿ | ᠬᠤᠲᠠ ᠶᠢᠨ ᠡᠪᠡᠳᠴᠢᠨ﹀﹀ ᠤ ᠠᠰᠠᠭᠤᠳᠠᠯ ᠢ ᠰᠢᠢᠳᠪᠦᠷᠢᠯᠡᠵᠦ᠂ ᠴᠢᠨᠠᠷ ᠰᠠᠶᠢᠲᠠᠶ ᠬᠥᠭᠵᠢᠭᠰᠡᠨ ᠣᠳᠣᠬᠢᠴᠢᠯᠠᠭᠰᠠᠨ | ᠬᠤᠲᠠ ᠶᠢ ᠪᠠᠶᠢᠭᠤᠯᠤᠨ᠎ᠠ᠃ | ︵ᠬᠤᠶᠠᠷ︶ ᠠᠵᠢᠯ ᠤᠨ ᠬᠠᠷᠠᠯᠲᠠ | ︿︿ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ | ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ﹀﹀ ︵ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︵2023︶ 75 ᠳ᠋ᠤᠭᠠᠷ ᠲᠣᠭᠠᠲᠤ | ︶ ᠵᠢᠴᠢ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠲᠢᠶᠠᠨᠵᠢᠨ | ᠬᠤᠲᠠ ᠳᠤ 2024 ᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠤᠬᠠᠶ ᠶᠢᠨ ᠭᠠᠵᠠᠷ ᠤᠨ | ᠬᠤᠷᠠᠯ ᠬᠤᠷᠠᠯᠳᠤᠭᠤᠯᠬᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ | ᠬᠠᠮᠢᠶᠠᠷᠤᠯᠲᠠ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠦᠨᠡᠯᠡᠨ ᠵᠢᠱᠢᠬᠦ ᠲᠦᠷᠢᠮ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠠᠰᠠᠭ ᠤᠨ | ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠠᠴᠠ ᠡᠷᠢᠵᠦ ᠭᠠᠷᠭᠠᠭᠰᠠᠨ ᠠᠰᠠᠭᠤᠳᠠᠯ ᠢᠶᠠᠷ ᠭᠤᠣᠯᠳᠠᠯᠭ᠎ᠠ ᠪᠣᠯᠭᠠᠨ ᠬᠤᠲᠠ ᠶᠢᠨ ᠰᠢᠨᠡᠳᠬᠡᠯᠲᠡ ᠶᠢ | ᠬᠡᠷᠡᠭᠵᠢᠭᠦᠯᠵᠦ᠂ ᠪᠡᠶ᠎ᠡ ᠶᠢᠨ ᠪᠠᠶᠢᠴᠠᠭᠠᠯᠲᠠ ᠳᠤ ᠡᠷᠢᠵᠦ ᠭᠠᠷᠭᠠᠭᠰᠠᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ | ᠬᠤᠲᠠ ᠶᠢᠨ ᠵᠠᠰᠠᠭ ᠤᠨ ᠣᠷᠳᠣᠨ ᠤ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠶᠢᠨ ᠴᠢᠬᠤᠯᠠ ᠠᠭᠤᠯᠭ᠎ᠠ | ᠪᠣᠯᠭᠠᠬᠤ ᠬᠡᠷᠡᠭᠲᠡᠶ᠃ ᠠᠵᠢᠯ ᠤᠨ ᠰᠠᠭᠤᠷᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠣᠷᠣᠨ ᠰᠠᠭᠤᠴᠠ ᠰᠠᠶᠢᠨ | ᠂ ᠰᠠᠭᠤᠭᠠᠯᠢ ᠲᠣᠭᠤᠷᠢᠭ ᠰᠠᠶᠢᠨ᠂ ᠨᠡᠶᠢᠭᠡᠮ ᠲᠣᠭᠤᠷᠢᠭ ᠰᠠᠶᠢᠨ᠂ ᠬᠤᠲᠠ ᠶᠢᠨ ᠲᠣᠭᠤᠷᠢᠭ ᠰᠠᠶᠢᠨ ︿︿ᠳᠥᠷᠪᠡᠨ | ᠰᠠᠶᠢᠨ﹀﹀ ᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠰᠢᠰᠲ᠋ᠧᠮ ᠲᠠᠢ ᠠᠵᠢᠯ ᠤᠨ ᠠᠷᠭ᠎ᠠ ᠵᠠᠮ᠂ ᠠᠷᠭ᠎ᠠ ᠬᠡᠯᠪᠡᠷᠢ ᠶᠢ ᠪᠥᠬᠦ ᠲᠠᠯ᠎ᠠ ᠪᠠᠷ ᠰᠦᠪᠡᠭᠴᠢᠯᠡᠨ᠂ | ︿︿ᠠᠰᠠᠭᠤᠳᠠᠯ ᠢ ᠢᠯᠡᠷᠡᠭᠦᠯᠬᠦ- ᠠᠰᠠᠭᠤᠳᠠᠯ ᠢ ᠰᠢᠢᠳᠪᠦᠷᠢᠯᠡᠬᠦ - ᠪᠠᠬᠢᠵᠢᠭᠦᠯᠦᠨ ᠳᠡᠭᠡᠭᠰᠢᠯᠡᠭᠦᠯᠬᠦ﹀﹀ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ 2024 ᠣᠨ ᠤ | ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠣᠳᠠᠲᠠᠢ ᠨᠠᠷᠢᠯᠢᠭ ᠬᠢᠵᠦ᠂ ᠬᠤᠳᠠ ᠶᠢ ︿︿ᠣᠷᠭᠠᠨᠢᠭ ᠠᠮᠢᠳᠤ | ᠪᠡᠶ᠎ᠡ﹀﹀ ᠪᠣᠯᠭᠠᠵᠤ᠂ ᠠᠵᠤ ᠦᠢᠯᠡᠰ ᠪᠠ ᠬᠤᠳᠠ ᠶᠢ ᠠᠭᠤᠰᠤᠯᠴᠠᠭᠤᠯᠬᠤ᠂ ᠠᠵᠢᠯ ᠪᠠ ᠣᠷᠣᠨ ᠰᠠᠭᠤᠴᠠ ᠶᠢ | ᠲᠡᠩᠴᠡᠭᠦᠷᠢᠲᠡᠢ ᠪᠠᠶᠢᠯᠭᠠᠬᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠡᠷᠭᠡ ᠪᠠᠷ ᠬᠠᠷᠠᠯᠲᠠ | ᠪᠣᠯᠭᠠᠵᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠳᠬᠠᠵᠤ᠂ ᠬᠤᠳᠠ ᠶᠢᠨ | ᠪᠡᠶ᠎ᠡ ᠶᠢᠨ ᠪᠠᠶᠢᠴᠠᠭᠠᠯᠲᠠ ᠪᠠ ᠬᠤᠳᠠ ᠶᠢᠨ ᠰᠢᠨᠡᠴᠢᠯᠡᠯᠲᠡ ᠶᠢᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠪᠡᠶ᠎ᠡ ᠶᠢᠨ ᠪᠠᠶᠢᠴᠠᠭᠠᠯᠲᠠ ᠶᠢᠨ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ | ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠬᠢᠯᠭᠡᠬᠦ ᠡᠲᠡᠭᠡᠳ ᠲᠤ ᠣᠷᠣᠨ ᠰᠠᠭᠤᠴᠠ᠂ ᠵᠢᠵᠢᠭ ᠲᠣᠭᠤᠷᠢᠭ ︵ | ᠨᠡᠶᠢᠭᠡᠮ ᠤᠨ ᠲᠣᠭᠤᠷᠢᠭ︶᠂ ᠵᠡᠭᠡᠯᠢ ᠲᠣᠭᠤᠷᠢᠭ᠂ ᠬᠤᠲᠠ ᠶᠢᠨ ᠲᠣᠭᠤᠷᠢᠭ ︵ᠬᠤᠲᠠ︶ ᠪᠠᠭᠲᠠᠨ᠎ᠠ᠃ 2024 | ᠣᠨ ᠳᠤ ᠰᠢᠯᠢ ᠶᠢᠨ ᠬᠤᠲᠠ ᠶᠢᠨ ᠬᠤᠲᠠ ᠶᠢᠨ ᠲᠣᠭᠤᠷᠢᠭ ︵ᠬᠤᠲᠠ︶ ᠤᠨ ᠪᠡᠶ᠎ᠡ ᠶᠢᠨ ᠪᠠᠶᠢᠴᠠᠭᠠᠯᠲᠠ ᠶᠢᠨ | ᠬᠡᠪᠴᠢᠶ᠎ᠡ ᠨᠢ ᠬᠤᠲᠠ ᠶᠢᠨ ᠬᠠᠷᠢᠶ᠎ᠠ ᠲᠣᠭᠤᠷᠢᠭ ᠪᠠᠭᠲᠠᠨ᠎ᠠ︔ ᠵᠡᠭᠡᠯᠢ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠶᠢ | ᠣᠲᠣ ᠶᠢᠨ ᠪᠠᠶᠢᠭ᠎ᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠵᠠᠭᠠᠭ ᠲᠠᠢ ᠤᠶᠠᠯᠳᠤᠭᠤᠯᠤᠨ ᠥᠷᠨᠢᠭᠦᠯᠵᠦ᠂ | ᠪᠠᠶᠠᠨᠴᠠᠭᠠᠨ ᠵᠡᠭᠡᠯᠢ᠂ ᠪᠤᠯᠠᠭᠠᠨ ᠵᠡᠭᠡᠯᠢ᠂ ᠰᠢᠷᠠᠲᠠᠯ᠎ᠠ ᠵᠡᠭᠡᠯᠢ᠂ ᠬᠠᠩᠭᠠᠶ ᠵᠡᠭᠡᠯᠢ᠂ ᠴᠢᠭᠤᠯᠭᠠᠨ ᠵᠡᠭᠡᠯᠢ᠂ ᠡᠷᠳᠡᠨᠢ | ᠵᠡᠭᠡᠯᠢ ᠵᠡᠷᠭᠡ ᠵᠢᠷᠭᠤᠭᠠᠨ ᠪᠠᠶᠢᠴᠠᠭᠠᠬᠤ ᠵᠡᠭᠡᠯᠢ ᠭᠤᠳᠤᠮᠵᠢ ᠪᠦᠷᠢᠯᠳᠦᠪᠡ︔ ᠵᠢᠵᠢᠭ ᠲᠣᠭᠤᠷᠢᠭ ︵ᠨᠡᠶᠢᠭᠡᠮ | ᠲᠣᠭᠤᠷᠢᠭ︶᠂ ᠣᠷᠣᠨ ᠰᠠᠭᠤᠴᠠ ᠪᠡᠶ᠎ᠡ ᠶᠢᠨ ᠪᠠᠶᠢᠴᠠᠭᠠᠯᠲᠠ ᠶᠢ ᠨᠡᠶᠢᠭᠡᠮ ᠲᠣᠭᠤᠷᠢᠭ ᠢᠶᠠᠷ ᠦᠨᠳᠦᠰᠦᠨ ᠨᠢᠭᠡᠴᠢ | ᠪᠣᠯᠭᠠᠨ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ | ︵ᠳᠥᠷᠪᠡ︶ ᠠᠵᠢᠯ ᠤᠨ ᠭᠤᠣᠯᠳᠠᠯᠭ᠎ᠠ | ᠰᠢᠯᠢ ᠶᠢᠨ ᠬᠤᠲᠠ ᠶᠢᠨ 2024 ᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ | ᠭᠤᠤᠯᠳᠠᠯᠭ᠎ᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠤᠤᠯ ᠴᠣᠭᠴᠠ ᠪᠠ ᠡᠲᠡᠭᠡᠳ ᠢ ᠲᠣᠳᠣᠷᠬᠠᠶᠢᠯᠠᠬᠤ᠂ | ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠥᠰᠦᠯ ᠢ ᠲᠣᠭᠲᠠᠭᠠᠬᠤ᠂ ᠪᠡᠶ᠎ᠡ ᠶᠢᠨ ᠪᠠᠶᠢᠴᠠᠭᠠᠯᠲᠠ ᠶᠢᠨ | ᠬᠡᠪᠴᠢᠶ᠎ᠡ ᠶᠢ ᠲᠣᠭᠲᠠᠭᠠᠬᠤ᠂ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠬᠤ᠂ | ᠠᠰᠠᠭᠤᠳᠠᠯ ᠤᠨ ᠳᠤᠲᠠᠭᠤᠳᠠᠯ ᠢ ᠡᠷᠢᠬᠦ᠂ ᠲᠤᠭ᠎ᠠ ᠪᠠᠷᠢᠮᠲᠠ ᠶᠢ ᠪᠠᠶᠢᠴᠠᠭᠠᠨ ᠴᠤᠭᠯᠠᠭᠤᠯᠬᠤ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠴᠢᠨᠠᠷ ᠰᠠᠶᠢᠲᠠᠶ ᠦᠷ᠎ᠡ ᠪᠦᠲᠦᠭᠡᠯ ᠢ ᠪᠣᠶ ᠪᠣᠯᠭᠠᠬᠤ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ᠂ ᠠᠵᠢᠯ ᠤᠨ ᠦᠷ᠎ᠡ ᠪᠦᠲᠦᠮᠵᠢ ᠶᠢ | ᠳ᠋ᠦᠩᠨᠡᠬᠦ᠂ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠪᠠᠭᠲᠠᠨ᠎ᠠ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠣᠭᠠᠨ ᠤ ᠰᠠᠭᠤᠷᠢᠨ ᠳᠡᠭᠡᠷ᠎ᠡ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠲᠠ ᠶᠢᠨ ᠣᠨᠴᠠᠯᠢᠭ ᠪᠥᠬᠦᠶ ᠭᠦᠢᠴᠡᠳᠬᠡᠯ ᠲᠣᠭᠠᠨ ᠤ ᠰᠢᠰᠲ᠋ᠧᠮ ᠢ | ᠵᠣᠬᠢᠰᠲᠠᠶ ᠨᠡᠮᠡᠭᠳᠡᠭᠦᠯᠬᠦ ᠪᠠ ᠲᠣᠬᠢᠷᠠᠭᠤᠯᠵᠤ᠂ ᠬᠡᠮᠵᠢᠶᠡᠯᠡᠵᠦ ᠪᠣᠯᠬᠤ᠂ ᠰᠡᠷᠡᠵᠦ ᠮᠡᠳᠡᠬᠦ᠂ ᠦᠨᠡᠯᠡᠵᠦ ᠪᠣᠯᠬᠤ ᠶᠢ | ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠲᠤᠯᠠᠭᠠᠯᠭ᠎ᠠ ᠶᠢᠨ ᠢᠨᠵᠧᠨᠧᠷᠢᠩ᠂ ᠬᠤᠲᠠ ᠶᠢᠨ ᠰᠢᠲᠠᠮᠠᠬᠠᠶ ᠬᠡᠢ ᠶᠢᠨ | ᠬᠤᠭᠤᠯᠠᠶ ᠶᠢᠨ ︿︿ᠠᠰᠠᠭᠤᠳᠠᠯ ᠲᠠᠢ ᠪᠠᠷ ᠠᠵᠢᠯᠯᠠᠬᠤ﹀﹀ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ | ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠠᠵᠢᠯᠯᠠᠭ᠎ᠠ᠂ ᠬᠤᠲᠠ ᠶᠢᠨ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠲᠤᠰᠬᠠᠶ ᠵᠦᠢᠯ ᠤᠨ | ᠪᠡᠶ᠎ᠡ ᠶᠢᠨ ᠪᠠᠶᠢᠴᠠᠭᠠᠯᠲᠠ ᠶᠢ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠣᠷᠣᠭᠤᠯᠬᠤ ᠬᠡᠷᠡᠭᠲᠡᠶ᠃ | ᠬᠤᠲᠠ ᠶᠢᠨ ᠪᠡᠶ᠎ᠡ ᠶᠢᠨ ᠪᠠᠶᠢᠴᠠᠭᠠᠯᠲᠠ ᠳᠤ ᠣᠯᠵᠤ ᠮᠡᠳᠡᠭᠰᠡᠨ ᠠᠰᠠᠭᠤᠳᠠᠯ ᠢ ᠬᠤᠲᠠ ᠶᠢᠨ ᠰᠢᠨᠡᠳᠬᠡᠬᠦ ᠠᠵᠢᠯ ᠤᠨ | ᠵᠢᠯᠣᠭᠤᠳᠤᠯᠭ᠎ᠠ ᠪᠣᠯᠭᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠰᠢᠨᠡᠳᠬᠡᠨ ᠥᠭᠡᠷᠡᠴᠢᠯᠡᠬᠦ᠂ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠨ ᠵᠠᠰᠠᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ | ᠬᠤᠲᠠ ᠶᠢᠨ ᠰᠠᠭᠤᠷᠢ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠬᠤᠲᠠ ᠶᠢᠨ ᠰᠢᠨᠡᠳᠬᠡᠬᠦ ᠰᠠᠨᠠᠯ | ᠰᠠᠨᠠᠭᠤᠯᠭ᠎ᠠ ᠶᠢ ᠪᠣᠶ ᠪᠣᠯᠭᠠᠵᠤ᠂ ᠬᠤᠲᠠ ᠶᠢᠨ ᠰᠢᠨᠡᠳᠬᠡᠯᠲᠡ ᠶᠢᠨ ᠲᠥᠷᠥᠯ ᠵᠦᠢᠯ ᠪᠣᠯᠤᠨ ᠣᠨ ᠤ ᠬᠡᠷᠡᠭᠵᠢᠭᠦᠯᠬᠦ | ᠲᠥᠯᠥᠪᠯᠡᠭᠡ ᠶᠢ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠦᠷ᠎ᠡ ᠪᠦᠲᠦᠭᠡᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠷᠭ᠎ᠠ | ︵ᠨᠢᠭᠡ︶ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ | ᠬᠤᠲᠠ ᠶᠢᠨ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠤᠨ ᠲᠥᠰᠦᠯ᠂ ᠠᠵᠢᠯ ᠤᠨ ᠳᠦᠷᠢᠮ ᠢ ᠲᠣᠭᠲᠠᠭᠠᠵᠤ᠂ ᠬᠢᠨᠠᠨ ᠵᠢᠯᠣᠭᠤᠳᠴᠤ | ᠲᠣᠬᠢᠷᠠᠭᠤᠯᠬᠤ ᠶᠢ ᠴᠢᠩᠭᠠᠳᠬᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠵᠣᠬᠢᠴᠠᠯᠳᠤᠨ᠂ ᠬᠤᠲᠠ ᠶᠢᠨ ᠰᠢᠭᠤᠳ ᠬᠠᠷᠢᠶ᠎ᠠ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ | ᠨᠢᠭᠲᠠ ᠬᠠᠮᠵᠢᠯᠴᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠠᠮᠲᠤ ᠪᠠᠷ ᠣᠷᠣᠯᠴᠠᠨ᠂ ᠲᠤᠰᠬᠠᠶ ᠪᠦᠯᠬᠦᠮ | ᠨᠢ ᠪᠣᠳᠠᠲᠠᠶ ᠬᠡᠷᠡᠭᠵᠢᠭᠦᠯᠵᠦ᠂ ᠠᠰᠠᠭᠤᠳᠠᠯ ᠤᠨ ᠳᠤᠲᠠᠭᠤᠳᠠᠯ ᠢ ᠭᠦᠨᠵᠡᠭᠡᠶ ᠪᠠᠶᠢᠴᠠᠭᠠᠨ ᠡᠷᠢᠵᠦ᠂ ᠴᠢᠨᠠᠷ ᠰᠠᠶᠢᠲᠠᠶ | ᠪᠡᠶ᠎ᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠪᠡᠶ᠎ᠡ ᠶᠢᠨ ᠪᠠᠶᠢᠴᠠᠭᠠᠯᠲᠠ ᠠᠴᠠ ᠭᠠᠷᠤᠭᠰᠠᠨ | ᠠᠰᠠᠭᠤᠳᠠᠯ ᠲᠠᠢ ᠤᠶᠠᠯᠳᠤᠭᠤᠯᠤᠨ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢᠨ ᠠᠵᠢᠯ ᠢ | ᠰᠠᠶᠢᠲᠤᠷ ᠬᠢᠨ᠎ᠠ᠃ | ᠤᠤᠯ ᠤᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵︿︿ | ᠤᠳᠤᠷᠢᠳᠬᠤ ᠳᠤᠭᠤᠶᠢᠯᠠᠩ﹀﹀ ᠭᠡᠵᠦ ᠲᠣᠪᠴᠢᠯᠠᠨ᠎ᠠ︶ ᠤᠨ ᠬᠥᠮᠦᠰ ᠤᠨ ᠪᠦᠷᠢᠯᠳᠦᠯ ᠳᠤ ᠲᠣᠬᠢᠷᠠᠭᠤᠯᠤᠯᠲᠠ ᠬᠢᠵᠦ | ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ | ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ | ᠳᠤᠭᠤᠶᠢᠯᠠᠩ ᠤᠨ ᠪᠦᠷᠢᠯᠳᠦᠬᠦᠨ ᠪᠣᠯᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠪᠠᠶᠢᠭᠤᠯᠵᠤ᠂ ᠡᠳᠦᠷ ᠲᠤᠲᠤᠮ ᠤᠨ ᠠᠵᠢᠯ ᠢ ᠡᠭᠦᠷᠭᠡᠯᠡᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠠᠵᠢᠯ ᠢ ᠠᠬᠢᠭᠤᠯᠤᠨ᠎ᠠ︔ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠵᠡᠷᠭᠡ ᠨᠢ ᠪᠡᠶ᠎ᠡ ᠶᠢᠨ ᠪᠠᠶᠢᠴᠠᠭᠠᠯᠲᠠ ᠶᠢᠨ | ᠠᠵᠢᠯ ᠤᠨ ᠬᠠᠷᠢᠭᠤᠴᠠᠯᠭᠠᠲᠠᠨ ︵ᠬᠤᠯᠪᠣᠭᠠᠴᠢᠨ︶ ᠢ ᠲᠣᠳᠣᠷᠬᠠᠶᠢᠯᠠᠵᠤ᠂ ᠪᠡᠶ᠎ᠡ ᠶᠢᠨ ᠪᠠᠶᠢᠴᠠᠭᠠᠯᠲᠠ ᠶᠢᠨ | ᠠᠵᠢᠯ ᠤᠨ ᠲᠤᠰᠬᠠᠶ ᠠᠩᠭᠢ ᠶᠢ ᠪᠦᠷᠢᠯᠳᠦᠭᠦᠯᠦᠨ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ | ︵ᠬᠤᠶᠠᠷ︶ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠢ ᠤᠷᠢᠵᠦ ᠣᠷᠤᠭᠤᠯᠤᠨ᠎ᠠ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠴᠢᠳᠠᠪᠤᠷᠢ ᠪᠠ ᠬᠢᠷᠢ ᠲᠦᠪᠰᠢᠨ ᠲᠠᠢ ᠭᠤᠷᠪᠠᠳᠤᠭᠠᠷ ᠲᠠᠯ᠎ᠠ ᠶᠢᠨ ᠲᠤᠰᠬᠠᠶ | ᠮᠡᠷᠭᠡᠵᠢᠯ ᠤᠨ ᠪᠦᠯᠬᠦᠮ ᠢ ᠰᠣᠩᠭᠤᠵᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠣᠳᠠᠲᠠᠶ | ᠡᠭᠦᠷᠭᠡᠯᠡᠭᠦᠯᠦᠨ᠎ᠡ᠃ ᠪᠡᠶ᠎ᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠵᠠᠳᠠᠯᠤᠨ ᠣᠨᠣᠰᠢᠯᠠᠬᠤ᠂ | ᠮᠡᠷᠭᠡᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ | ᠳ᠋ᠦᠩ ᠢ ᠬᠤᠷᠢᠶᠠᠩᠭᠤᠶᠢᠯᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ | ᠪᠢᠴᠢᠨ᠎ᠡ᠃ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠳᠤ ᠪᠠᠷᠢᠯᠭ᠎ᠠ᠂ ᠪᠦᠲᠦᠴᠡ᠂ | ᠬᠤᠲᠠ ᠶᠢᠨ ᠶᠠᠪᠤᠳᠠᠯ᠂ ᠲᠥᠯᠥᠪᠵᠢᠭᠦᠯᠭᠡ᠂ ᠭᠠᠵᠠᠷ ᠵᠦᠶ᠂ ᠠᠵᠤ ᠠᠬᠤᠶ ᠵᠡᠷᠭᠡ ᠲᠠᠯ᠎ᠠ ᠶᠢᠨ ᠲᠤᠰᠬᠠᠶ | ᠮᠡᠷᠭᠡᠵᠢᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ ᠪᠡᠶ᠎ᠡ ᠶᠢᠨ ᠪᠠᠶᠢᠴᠠᠭᠠᠯᠲᠠ ᠶᠢᠨ ᠮᠡᠷᠭᠡᠵᠢᠯ ᠤᠨ ᠠᠵᠢᠯ ᠤᠨ | ᠳᠤᠭᠤᠶᠢᠯᠠᠩ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠣᠳᠠᠲᠠᠶ ᠬᠡᠷᠡᠭᠵᠢᠭᠦᠯᠬᠦ ᠶᠢ | ᠬᠠᠷᠢᠭᠤᠴᠠᠭᠤᠯᠤᠨ᠎ᠠ᠃ | ︵ᠭᠤᠷᠪᠠ︶ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ | ᠪᠠᠶᠢᠭᠤᠯᠤᠨ᠎ᠠ | ︿︿ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ | ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ﹀﹀ ︵ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ﹇2023﹈ 75 ᠳ᠋ᠤᠭᠠᠷ ᠲᠣᠭᠠᠲᠤ︶ | ᠵᠢᠴᠢ ︿︿2024 ᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ﹀﹀ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠠᠷᠬᠠᠭᠠᠭᠰᠠᠨ ﹇2024﹈ 49 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠨᠤᠲᠤᠭ ᠤᠨ ᠪᠣᠳᠠᠲᠠᠶ ᠬᠡᠷᠡᠭᠴᠡᠭᠡ | ᠱᠠᠭᠠᠷᠳᠠᠯᠭ᠎ᠠ ᠬᠢᠭᠡᠳ ᠣᠨᠴᠠᠯᠢᠭ ᠲᠠᠢ ᠤᠶᠠᠯᠳᠤᠭᠤᠯᠤᠨ ︿︿ᠶᠠᠮᠤᠨ ᠤ ᠲᠠᠰ + ᠥᠪᠡᠷᠲᠡᠭᠡᠨ ᠵᠠᠰᠠᠬᠤ ᠣᠷᠣᠨ ᠤ | ᠲᠠᠰ +ᠠᠶᠢᠮᠠᠭ ᠬᠤᠲᠠ ︵ᠬᠤᠰᠢᠭᠤ ᠰᠢᠶᠠᠨ︶ ᠶᠢᠨ ᠱᠠᠲᠤ﹀﹀ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠂ ᠲᠤᠬᠠᠶᠢᠯᠠᠪᠠᠯ ︿︿ᠰᠠᠭᠤᠷᠢ ᠭᠦᠢᠴᠡᠳᠬᠡᠯ ᠲᠤᠭ᠎ᠠ + | ᠤᠨᠴᠠᠯᠢᠭᠳᠤ ᠭᠦᠢᠴᠡᠳᠬᠡᠯ ᠲᠤᠭ᠎ᠠ﹀﹀ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠰᠠᠭᠤᠷᠢ | ᠭᠦᠢᠴᠡᠳᠬᠡᠯ ᠲᠤᠭ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠭᠤᠯᠭ᠎ᠠ ᠶᠢ ᠨᠠᠷᠢᠯᠢᠭ᠍ᠵᠢᠭᠤᠯᠵᠤ᠂ ᠡᠯ᠎ᠡ ᠵᠦᠢᠯ ᠤᠨ | ᠭᠦᠢᠴᠡᠳᠬᠡᠯ ᠲᠤᠭ᠎ᠠ ᠶᠢᠨ ᠬᠡᠷᠡᠭᠰᠡᠬᠦ ᠲᠤᠭ᠎ᠠ ᠪᠠᠷᠢᠮᠲᠠ ᠵᠢᠴᠢ ᠥᠷᠨᠢᠭᠦᠯᠬᠦ ᠴᠢᠬᠤᠯᠠᠲᠠᠶ ᠠᠵᠢᠯ ᠤᠨ ᠠᠭᠤᠯᠭ᠎ᠠ ᠶᠢ | ᠡᠮᠬᠢᠯᠡᠵᠦ᠂ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ | ᠲᠦᠷᠦᠭᠦᠯᠡᠬᠦ ᠵᠢᠴᠢ ᠵᠣᠬᠢᠴᠠᠭᠤᠯᠬᠤ ᠨᠢᠭᠡᠴᠡ ᠶᠢ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠠ ᠪᠣᠱᠤᠭ᠎ᠠ | ᠬᠡᠮᠵᠢᠭᠳᠡᠯ ᠤᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠠᠶᠢᠮᠠᠭ ᠬᠤᠲᠠ ︵ᠬᠤᠰᠢᠭᠤ ᠰᠢᠶᠠᠨ︶ | ᠶᠢᠨ ᠱᠠᠲᠤᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠣᠨᠴᠠᠯᠢᠭ ᠪᠦᠬᠦᠢ ᠭᠦᠢᠴᠡᠳᠬᠡᠬᠦ ᠲᠤᠭ᠎ᠠ ᠶᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠵᠠᠷᠴᠢᠮ ᠤᠨ ᠶᠣᠰᠣᠭᠠᠷ᠂ ᠬᠤᠲᠠ ᠶᠢᠨ ᠬᠥᠭᠵᠢᠯᠲᠡ ᠶᠢᠨ ᠣᠷᠣᠨ ᠪᠠᠶᠢᠷᠢ ᠲᠣᠭᠲᠠᠭᠠᠬᠤ᠂ | ᠬᠤᠲᠠ ᠶᠢᠨ ᠣᠨᠴᠠᠯᠢᠭ᠂ ᠬᠤᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠪᠠᠶᠢᠷᠢᠯᠠᠭᠤᠯᠤᠯᠲᠠ᠂ ᠠᠷᠠᠳ ᠤᠨ | ᠠᠮᠢᠳᠤᠷᠠᠯ ᠤᠨ ᠬᠦᠷᠢᠶᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠣᠨᠴᠠᠯᠢᠭ ᠪᠦᠬᠦᠢ ᠭᠦᠢᠴᠡᠳᠬᠡᠬᠦ | ᠲᠤᠭ᠎ᠠ ᠶᠢ ᠰᠣᠩᠭᠤᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ | ᠣᠯᠠᠨ ᠲᠦᠮᠡᠨ ᠤ ᠪᠠᠴᠢᠮ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ᠬᠤᠲᠠ ᠶᠢᠨ ᠥᠷᠢᠰᠥᠯᠳᠦᠬᠦ | ᠬᠦᠴᠦᠨ᠂ ᠳᠠᠭᠠᠭᠠᠬᠤ ᠬᠦᠴᠦᠨ᠂ ᠦᠷᠭᠦᠯᠵᠢᠯᠡᠨ ᠬᠥᠭᠵᠢᠬᠦ ᠴᠢᠳᠠᠪᠤᠷᠢ ᠶᠢ ᠪᠠᠶᠢᠴᠠᠭᠠᠨ ᠬᠡᠮᠵᠢᠬᠦ ᠬᠡᠷᠡᠭᠲᠡᠶ᠃ | ︵ᠳᠥᠷᠪᠡ︶ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠶᠢ ᠲᠣᠭᠲᠠᠭᠠᠨ᠎ᠠ | 1.ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢᠨ ᠪᠡᠶ᠎ᠡ ᠶᠢᠨ | ᠪᠠᠶᠢᠴᠠᠭᠠᠯᠲᠠ ᠶᠢᠨ ᠠᠭᠤᠯᠭ᠎ᠠ ᠶᠢ ᠦᠨᠳᠦᠰᠦᠯᠡᠨ᠂ ᠬᠠᠮᠢᠶ᠎ᠠ ᠪᠥᠬᠦᠶ ᠮᠠᠲ᠋ᠧᠷᠢᠶᠠᠯ ᠴᠤᠭᠯᠠᠭᠤᠯᠤᠭᠰᠠᠨ ᠨᠠᠷᠢᠨ | ᠬᠠᠭᠤᠳᠠᠰᠤ ᠶᠢ ᠲᠣᠳᠣᠷᠬᠠᠶᠢᠯᠠᠵᠤ᠂ ᠪᠡᠶ᠎ᠡ ᠶᠢᠨ ᠪᠠᠶᠢᠴᠠᠭᠠᠯᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠤᠨ ᠨᠠᠷᠢᠨ ᠬᠠᠭᠤᠳᠠᠰᠤ ᠶᠢ ᠦᠨᠳᠦᠰᠦᠯᠡᠨ ᠠᠵᠢᠯ ᠤᠨ ᠮᠡᠳᠡᠭᠦᠯᠦᠯᠲᠡ᠂ ᠲᠤᠰᠬᠠᠶ ᠵᠦᠢᠯ ᠤᠨ | ᠲᠥᠯᠥᠪᠵᠢᠭᠦᠯᠭᠡ᠂ ᠪᠦᠷᠢᠳᠬᠡᠭᠰᠡᠨ ᠲᠤᠭ᠎ᠠ ᠪᠠᠷᠢᠮᠲᠠ᠂ ᠠᠵᠢᠯ ᠲᠥᠷᠥᠯ ᠤᠨ ᠲᠤᠭ᠎ᠠ ᠪᠠᠷᠢᠮᠲᠠ᠂ ᠠᠯᠤᠰ | ᠰᠡᠷᠡᠯ ᠤᠨ ᠲᠤᠭ᠎ᠠ ᠪᠠᠷᠢᠮᠲᠠ ᠵᠡᠷᠭᠡ ᠨᠢᠭᠡᠨᠲᠡ ᠪᠠᠶᠢᠭ᠎ᠠ ᠡᠯ᠎ᠡ ᠵᠦᠢᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠬᠠᠩᠭᠠᠵᠤ᠂ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠬᠦ ᠬᠡᠷᠡᠭᠲᠡᠶ᠃ | 2.ᠣᠶᠤᠨᠴᠢᠯᠠᠬᠤ ᠠᠷᠭ᠎ᠠ ᠪᠠᠷᠢᠯ ᠢ ᠠᠰᠢᠭᠯᠠᠨ᠂ ᠲᠤᠭ᠎ᠠ ᠪᠠᠷᠢᠮᠲᠠ ᠴᠤᠭᠯᠠᠭᠤᠯᠬᠤ ᠵᠢᠵᠢᠭ ᠫᠷᠣᠭ᠍ᠷᠠᠮ ᠳᠤ | ᠲᠦᠰᠢᠭᠯᠡᠨ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠠᠴᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠵᠥᠪᠯᠡᠯ᠂ ᠠᠳᠠᠯ ᠠᠬᠤᠶ ᠶᠢᠨ ᠺᠣᠮᠫᠠᠨᠢ ᠵᠡᠷᠭᠡ ᠶᠢ ᠵᠢᠯᠣᠭᠤᠳᠴᠤ | ᠪᠠᠶᠢᠭᠠᠳ ᠲᠤᠭ᠎ᠠ ᠪᠠᠷᠢᠮᠲᠠ ᠶᠢ ᠪᠠᠶᠢᠴᠠᠭᠠᠬᠤ ᠪᠠ ᠴᠤᠭᠯᠠᠭᠤᠯᠬᠤ ᠠᠵᠢᠯ ᠥᠷᠨᠢᠭᠦᠯᠦᠨ᠂ ᠠᠰᠠᠷ ᠳᠠᠷᠠᠭᠠᠯᠠᠨ᠂ | ᠨᠢᠭᠡᠴᠢ ᠳᠠᠷᠠᠭᠠᠯᠠᠨ᠂ ᠳᠠᠪᠬᠤᠷᠭ᠎ᠠ ᠳᠠᠷᠠᠭᠠᠯᠠᠨ᠂ ᠪᠡᠯᠡᠳᠬᠡᠮᠵᠢ ᠳᠠᠷᠠᠭᠠᠯᠠᠨ ᠪᠠᠶᠢᠴᠠᠭᠠᠯᠲᠠ ᠬᠢᠵᠦ᠂ ᠲᠤᠭ᠎ᠠ | ᠪᠠᠷᠢᠮᠲᠠ ᠶᠢᠨ ᠪᠦᠳᠦᠮᠵᠢᠳᠦ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ᠂ ᠵᠢᠵᠢᠭ ᠫᠷᠣᠭ᠍ᠷᠠᠮ ᠤᠨ ᠮᠡᠳᠡᠭᠡ ᠵᠠᠩᠭᠢ ᠶᠢᠨ | ᠲᠠᠪᠴᠠᠩ ᠳᠤ ᠴᠠᠭ ᠲᠤᠬᠠᠶ ᠳᠤᠨᠢ ᠣᠷᠣᠭᠤᠯᠬᠤ ᠬᠡᠷᠡᠭᠲᠡᠶ᠃ | 3.ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭᠠᠲᠠᠨ ︵ᠬᠤᠯᠪᠣᠭᠠᠴᠢᠨ︶ ᠨᠢ ᠭᠤᠷᠪᠠᠳᠠᠬᠢ ᠡᠲᠡᠭᠡᠳ ᠤᠨ ᠲᠤᠰᠬᠠᠶ | ᠠᠵᠢᠯ ᠤᠨ ᠪᠦᠯᠬᠦᠮ ᠯᠦᠭᠡ ᠨᠢᠭᠲᠠ ᠬᠠᠮᠵᠢᠯᠴᠠᠵᠤ᠂ ᠪᠡᠶ᠎ᠡ ᠶᠢᠨ ᠪᠠᠶᠢᠴᠠᠭᠠᠯᠲᠠ ᠶᠢᠨ ᠭᠤᠣᠯᠳᠠᠯᠭ᠎ᠠ ᠲᠠᠢ | ᠡᠲᠡᠭᠡᠳ ᠤᠨ ᠣᠷᠣᠨ ᠵᠠᠶ ᠳᠤ ᠴᠢᠭᠯᠡᠭᠦᠯᠦᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠰᠠᠯᠠᠭ᠎ᠠ ᠮᠥᠴᠢᠷ ᠤᠳ ᠰᠤᠷᠪᠤᠯᠵᠢᠯᠠᠨ ᠶᠠᠷᠢᠯᠴᠠᠬᠤ ᠵᠡᠷᠭᠡ ᠠᠵᠢᠯ ᠢ ᠬᠢᠵᠦ᠂ ᠴᠤᠭᠯᠠᠭᠤᠯᠤᠭᠰᠠᠨ ᠲᠤᠭ᠎ᠠ | ᠪᠠᠷᠢᠮᠲᠠ ᠶᠢᠨ ᠦᠨᠡᠨ ᠪᠣᠳᠠᠲᠠᠶ᠂ ᠴᠠᠭ ᠬᠤᠭᠤᠴᠠᠭᠠᠲᠤ ᠴᠢᠨᠠᠷ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠲᠠᠪᠤ︶ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠠᠵᠢᠯ ᠢ ᠰᠠᠶᠢᠲᠤᠷ | ᠬᠢᠨ᠎ᠡ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ | ᠠᠰᠠᠭᠤᠯᠲᠠ ᠶᠢᠨ ᠬᠠᠭᠤᠳᠠᠰᠤ ᠪᠠᠷ ᠥᠯᠢᠭᠡᠷ ᠠᠪᠴᠤ ᠪᠠᠶᠢᠴᠠᠭᠠᠬᠤ ᠶᠢ ᠥᠷᠨᠢᠭᠦᠯᠵᠦ᠂ ᠬᠤᠲᠠ ᠶᠢᠨ ᠬᠥᠮᠦᠨ | ᠠᠮᠠ ᠶᠢᠨ ᠬᠡᠪᠴᠢᠶ᠎ᠡ᠂ ᠬᠥᠮᠦᠨ ᠠᠮᠠ ᠶᠢᠨ ᠨᠢᠭᠲᠠᠴᠠ ᠶᠢᠨ ᠲᠠᠷᠬᠠᠯᠲᠠ ᠵᠡᠷᠭᠡ ᠣᠯᠠᠨ ᠵᠦᠢᠯ ᠤᠨ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠣᠷᠣᠨ ᠵᠠᠶ ᠶᠢᠨ ᠲᠠᠰ ᠳᠠᠪᠬᠤᠷᠭ᠎ᠠ ᠪᠠᠷ ᠥᠯᠢᠭᠡᠷ ᠠᠪᠬᠤ ᠠᠷᠭ᠎ᠠ ᠪᠠᠷ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠨ᠎ᠠ᠃ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ | ᠬᠦᠷᠢᠶ᠎ᠡ ᠬᠡᠪᠴᠢᠶ᠎ᠡ ᠶᠢ ᠨᠢᠭᠡᠨᠲᠡ ᠪᠠᠶᠢᠭᠤᠯᠤᠭᠰᠠᠨ ᠲᠣᠭᠤᠷᠢᠭ ᠤᠨ ᠪᠦᠷᠬᠦᠭᠰᠡᠨ ᠨᠡᠶᠢᠭᠡᠮ ᠲᠣᠭᠤᠷᠢᠭ ᠢᠶᠠᠷ ᠭᠤᠤᠯ | ᠪᠣᠯᠭᠠᠨ᠎ᠠ᠃ ᠬᠤᠲᠠ ᠶᠢᠨ ᠲᠣᠭᠤᠷᠢᠭ᠂ ᠵᠡᠭᠡᠯᠢ ᠲᠣᠭᠤᠷᠢᠭ ᠤᠨ ᠬᠠᠷᠠᠭᠠᠰᠤ ᠶᠢᠨ ᠰᠠᠭᠤᠭᠠᠯᠢ ᠠᠷᠠᠳ ᠤᠨ | ᠠᠰᠠᠭᠤᠯᠲᠠ ᠶᠢᠨ ᠬᠠᠭᠤᠳᠠᠰᠤ ᠶᠢ ᠨᠢᠭᠡᠨᠲᠡ ᠪᠠᠶᠢᠭᠤᠯᠤᠭᠰᠠᠨ ᠲᠣᠭᠤᠷᠢᠭ ᠤᠨ ᠬᠠᠷᠢᠶ᠎ᠠ ᠪᠥᠬᠦᠶ ᠨᠡᠶᠢᠭᠡᠮ ᠲᠣᠭᠤᠷᠢᠭ | ᠨᠢᠭᠡᠪᠦᠷᠢ ᠶᠢᠨ 6 ᠬᠤᠪᠢ ᠠᠴᠠ ᠳᠤᠲᠠᠭᠤ ᠥᠬᠡᠶ ᠲᠤᠭ᠎ᠠ ᠬᠡᠮᠵᠢᠶ᠎ᠡ ᠪᠠᠷ ᠥᠯᠢᠭᠡᠷ ᠠᠪᠬᠤ ᠬᠡᠷᠡᠭᠲᠡᠶ᠃ ᠨᠡᠶᠢᠭᠡᠮ | ᠲᠣᠭᠤᠷᠢᠭ᠂ ᠣᠷᠣᠨ ᠰᠠᠭᠤᠴᠠ ᠶᠢᠨ ᠬᠡᠮᠵᠢᠯ ᠤᠨ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ ᠶᠢ | ᠨᠡᠶᠢᠭᠡᠮ ᠲᠣᠭᠤᠷᠢᠭ ᠲᠤ ᠲᠥᠷᠥᠯ ᠬᠤᠪᠢᠶᠠᠨ ᠦᠨᠡᠯᠡᠨ ᠵᠢᠱᠢᠯᠲᠡ ᠬᠢᠭᠰᠡᠨ ᠰᠠᠭᠤᠷᠢᠨ ᠳᠡᠭᠡᠷ᠎ᠡ᠂ ᠵᠡᠭᠡᠯᠢ | ᠭᠤᠳᠤᠮᠵᠢ ᠪᠠᠷ ᠨᠢᠭᠡᠴᠢ ᠪᠣᠯᠭᠠᠨ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠨᠡᠶᠢᠭᠡᠮ ᠲᠣᠭᠤᠷᠢᠭ ᠠᠴᠠ ᠶᠠᠩᠵᠤ | ᠠᠪᠴᠤ᠂ ᠡᠰᠡᠬᠦᠯ᠎ᠡ ᠣᠨ ᠤ ᠰᠢᠨᠡᠳᠬᠡᠬᠦ ᠲᠥᠯᠥᠪᠯᠡᠭᠡ ᠶᠢ ᠦᠨᠳᠦᠰᠦᠯᠡᠨ ᠴᠢᠭᠯᠡᠭᠦᠯᠬᠦ ᠴᠢᠨᠠᠷᠲᠠᠶ ᠪᠠᠷ ᠨᠡᠶᠢᠭᠡᠮ | ᠲᠣᠭᠤᠷᠢᠭ ᠢ ᠰᠣᠩᠭᠤᠵᠤ ᠠᠰᠠᠭᠤᠯᠲᠠ ᠶᠢᠨ ᠬᠠᠭᠤᠳᠠᠰᠤ ᠪᠠᠷ ᠲᠠᠷᠬᠠᠭᠠᠵᠤ᠂ ᠨᠡᠶᠢᠭᠡᠮ ᠲᠣᠭᠤᠷᠢᠭ ᠨᠢᠭᠡᠪᠦᠷᠢ ᠶᠢᠨ | ᠶᠠᠩᠵᠤ ᠠᠪᠬᠤ ᠲᠤᠭ᠎ᠠ ᠬᠡᠮᠵᠢᠶ᠎ᠡ ᠨᠢ 50 -100 ᠬᠤᠪᠢ ᠪᠣᠯᠤᠨ᠎ᠠ᠃ | ︵ᠵᠢᠷᠭᠤᠭ᠎ᠠ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ | 1 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠬᠡᠷ᠄ ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠠᠬᠢᠭᠤᠯᠤᠨ᠎ᠠ᠃ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ | ᠰᠤᠳᠤᠯᠤᠨ ᠮᠠᠭᠠᠳᠯᠠᠵᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠵᠣᠬᠢᠴᠠᠭᠤᠯᠤᠨ᠂ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠨ ᠠᠵᠢᠯ ᠥᠷᠨᠢᠭᠦᠯᠬᠦ ᠶᠢ | ᠵᠢᠯᠣᠭᠤᠳᠤᠨ᠎ᠠ︔ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠲᠠᠢ ᠬᠠᠮᠵᠢᠯᠴᠠᠨ᠂ ᠪᠡᠶ᠎ᠡ ᠶᠢᠨ | ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠶᠢ ᠠᠬᠢᠭᠤᠯᠤᠨ᠎ᠠ︔ ᠶᠠᠪᠤᠴᠠ ᠲᠣᠬᠢᠷᠠᠭᠤᠯᠬᠤ ᠶᠢ | ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠬᠤ ᠠᠵᠢᠯ ᠤᠨ ᠠᠬᠢᠴᠠ ᠶᠢ ᠦᠷᠭᠦᠯᠵᠢᠯᠡᠨ ᠮᠥᠷᠳᠡᠵᠦ᠂ | ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠨ᠎ᠡ᠃ | ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠄ ᠲᠣᠰ ᠰᠠᠯᠠᠭ᠎ᠠ ᠮᠥᠴᠢᠷ ᠤᠨ | ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠯᠲᠡ ᠶᠢᠨ ᠰᠠᠭᠤᠷᠢ ᠮᠠᠲ᠋ᠧᠷᠢᠶᠠᠯ ᠢ ᠴᠤᠭᠯᠠᠭᠤᠯᠬᠤ ᠪᠠ | ᠲᠡᠭᠦᠯᠳᠡᠷᠵᠢᠭᠦᠯᠬᠦ᠂ ᠲᠤᠰᠬᠠᠶ ᠠᠵᠢᠯ ᠤᠨ ᠦᠨᠡᠯᠡᠨ ᠵᠢᠱᠢᠯᠲᠡ ᠬᠢᠬᠦ ᠵᠡᠷᠭᠡ ᠠᠵᠢᠯ ᠢ ᠬᠠᠷᠢᠭᠤᠴᠠᠵᠤ᠂ ᠲᠣᠰ ᠠᠵᠢᠯ | ᠲᠥᠷᠥᠯ ᠤᠨ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠠᠵᠢᠯ ᠲᠥᠷᠥᠯ ᠤᠨ | ᠠᠵᠢᠯ ᠤᠨ ᠭᠤᠤᠯᠳᠠᠯᠭ᠎ᠠ ᠲᠠᠢ ᠤᠶᠠᠯᠳᠤᠭᠤᠯᠤᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠳᠤᠷᠠᠳᠤᠭᠰᠠᠨ | ᠠᠰᠠᠭᠤᠳᠠᠯ ᠤᠨ ᠨᠠᠷᠢᠨ ᠬᠠᠭᠤᠳᠠᠰᠤ ᠪᠠ ᠴᠡᠭᠴᠡᠯᠡᠨ ᠵᠠᠰᠠᠬᠤ ᠰᠠᠨᠠᠭᠤᠯᠭ᠎ᠠ ᠶᠢᠨ ᠨᠠᠷᠢᠨ ᠬᠠᠭᠤᠳᠠᠰᠤ ᠳᠤ | ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ | ᠭᠠᠷᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ | ᠠᠰᠠᠭᠤᠳᠠᠯ ᠢ ᠲᠠᠰᠤᠷᠠᠯᠲᠠ ᠥᠬᠡᠶ ᠪᠠᠭᠠᠰᠬᠠᠬᠤ ᠶᠢ ᠠᠬᠢᠭᠤᠯᠵᠤ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠬᠤᠲᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ | ᠪᠦᠯᠬᠦᠮ ᠲᠠᠢ ᠬᠠᠮᠵᠢᠯᠴᠠᠨ ᠵᠡᠭᠡᠯᠢ ᠲᠣᠭᠤᠷᠢᠭ ᠤᠨ ᠬᠡᠮᠵᠢᠯ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ | ᠣᠷᠣᠨ ᠰᠠᠭᠤᠴᠠ᠂ ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠬᠡᠮᠵᠢᠯ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠢ ᠵᠢᠯᠣᠭᠤᠳᠬᠤ ᠪᠠ ᠣᠷᠣᠯᠴᠠᠵᠤ᠂ ᠬᠠᠮᠢᠶ᠎ᠠ ᠪᠥᠬᠦᠶ ᠭᠦᠢᠴᠡᠳᠬᠡᠯ ᠲᠤᠭ᠎ᠠ ᠶᠢᠨ ᠲᠤᠭ᠎ᠠ | ᠪᠠᠷᠢᠮᠲᠠ ᠶᠢ ᠴᠤᠭᠯᠠᠭᠤᠯᠤᠨ ᠲᠤᠰᠢᠶᠠᠵᠤ᠂ ᠬᠠᠮᠢᠶ᠎ᠠ ᠪᠥᠬᠦᠶ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ | ᠳᠤᠷᠠᠳᠤᠨ᠎ᠠ᠃ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ / ᠠᠳᠠᠯ ᠠᠬᠤᠶ᠄ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠵᠢᠯᠣᠭᠤᠳᠣᠯᠭ᠎ᠠ ᠳᠤᠤᠷ᠎ᠠ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠲᠠᠢ | ᠬᠠᠮᠵᠢᠯᠴᠠᠨ ᠣᠷᠣᠨ ᠰᠠᠭᠤᠴᠠ᠂ ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠪᠡᠶ᠎ᠡ ᠶᠢᠨ ᠪᠠᠶᠢᠴᠠᠭᠠᠯᠲᠠ ᠶᠢᠨ | ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ | ᠲᠤᠰᠢᠶᠠᠵᠤ᠂ ᠣᠷᠣᠨ ᠰᠠᠭᠤᠴᠠ᠂ ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠰᠠᠭᠤᠭᠠᠯᠢ ᠠᠷᠠᠳ ᠤᠨ | ᠭᠤᠮᠣᠳᠠᠯ ᠱᠠᠭᠠᠷᠳᠠᠯᠭ᠎ᠠ᠂ ᠬᠦᠴᠢᠷᠳᠡᠯ᠂ ᠠᠰᠠᠭᠤᠳᠠᠯ ᠵᠡᠷᠭᠡ ᠶᠢ ᠦᠨᠡᠨ ᠪᠣᠳᠠᠲᠠᠶ ᠪᠠᠷ ᠲᠤᠰᠬᠠᠨ᠎ᠠ᠃ | ᠲᠤᠰᠬᠠᠶ ᠠᠵᠢᠯ ᠤᠨ ᠨᠢᠭᠡᠴᠡ᠄ ᠲᠦᠭᠡᠭᠡᠯ ᠤᠰᠤᠨ ᠤ ᠺᠣᠮᠫᠠᠨᠢ᠂ ᠴᠠᠬᠢᠯᠭᠠᠨ ᠬᠦᠴᠦᠨ ᠤ ᠺᠣᠮᠫᠠᠨᠢ᠂ | ᠰᠢᠲᠠᠮᠠᠬᠠᠶ ᠬᠡᠶ ᠶᠢᠨ ᠺᠣᠮᠫᠠᠨᠢ᠂ ᠢᠯᠴᠢ ᠬᠠᠩᠭᠠᠬᠤ ᠺᠣᠮᠫᠠᠨᠢ ᠵᠡᠷᠭᠡ ᠲᠤᠰᠬᠠᠶ ᠨᠢᠭᠡᠴᠡ ᠨᠦᠭᠦᠳ ᠬᠠᠷᠢᠭᠤᠴᠠᠵᠤ | ᠪᠠᠶᠢᠭ᠎ᠠ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠬᠦ ᠲᠤᠭ᠎ᠠ ᠳᠤ ᠲᠤᠭ᠎ᠠ ᠪᠠᠷᠢᠮᠲᠠ ᠴᠤᠭᠯᠠᠭᠤᠯᠬᠤ ᠶᠢᠨ ᠬᠠᠮᠲᠤ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠤᠨ᠎ᠠ᠃ | 2 ᠰᠠᠯᠠᠭ᠎ᠠ ᠮᠥᠴᠢᠷ ᠤᠨ ᠪᠣᠳᠠᠲᠠᠢ ᠠᠵᠢᠯ ᠤᠨ ᠬᠤᠪᠢᠶᠠᠷᠢᠯᠠᠯ | ᠣᠷᠣᠨ ᠰᠠᠭᠤᠴᠠ ᠶᠢᠨ ᠬᠡᠪᠴᠢᠶ᠎ᠡ᠄ ᠬᠤᠲᠠ ᠶᠢᠨ ᠬᠠᠷᠢᠶ᠎ᠠ ᠲᠣᠭᠤᠷᠢᠭ ᠤᠨ ᠨᠢᠭᠡᠨᠲᠡ ᠪᠠᠶᠢᠭᠤᠯᠤᠭᠰᠠᠨ | ᠲᠣᠭᠤᠷᠢᠭ ᠤᠨ ᠳᠣᠲᠣᠷ᠎ᠠ ᠣᠷᠣᠰᠢᠨ ᠰᠠᠭᠤᠬᠤ ᠪᠠᠷᠢᠯᠭ᠎ᠠ ᠨᠢ ᠠᠮᠤᠷ ᠲᠦᠪᠰᠢᠨ ᠪᠥᠭᠡᠳ ᠳᠠᠭᠠᠭᠠᠮᠠᠭᠠᠶ᠂ ᠴᠢᠳᠠᠮᠵᠢ | ᠨᠢ ᠪᠦᠷᠢᠨ᠂ ᠪᠣᠬᠢᠷᠲᠤᠯ ᠦᠭᠡᠶ ᠤᠶᠤᠨᠴᠢ ᠵᠡᠷᠭᠡ ᠲᠠᠯ᠎ᠠ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ | ᠠᠰᠠᠭᠤᠳᠠᠯ ᠢ ᠡᠷᠢᠵᠦ ᠭᠠᠷᠭᠠᠨ᠎ᠠ᠃ ︵ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠤᠰᠤ ᠬᠠᠩᠭᠠᠬᠤ ᠪᠠ ᠭᠠᠳᠠᠭᠰᠢᠯᠠᠭᠤᠯᠬᠤ ᠺᠣᠮᠫᠠᠨᠢ︶ | ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠬᠡᠪᠴᠢᠶ᠎ᠡ᠄ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ ᠤᠨ ᠬᠠᠷᠢᠶ᠎ᠠ ᠣᠷᠣᠨ ᠢᠶᠠᠷ ᠦᠨᠳᠦᠰᠦᠨ ᠨᠢᠭᠡᠴᠢ ᠪᠣᠯᠭᠠᠵᠤ᠂ ᠪᠦᠷᠢᠨ ᠪᠦᠲᠦᠨ ᠨᠡᠶᠢᠭᠡᠮ | ᠲᠣᠭᠤᠷᠢᠭ ᠢ ᠪᠥᠳᠥᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠬᠤᠳᠠ ᠶᠢᠨ ᠨᠡᠶᠢᠭᠡᠮ ᠲᠣᠭᠤᠷᠢᠭ ᠤᠨ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ᠂ ᠣᠷᠣᠰᠢᠨ ᠰᠠᠭᠤᠬᠤ ᠣᠷᠴᠢᠨ ᠲᠣᠭᠤᠷᠢᠨ᠂ ᠨᠡᠶᠢᠭᠡᠮ | ᠲᠣᠭᠤᠷᠢᠭ ᠤᠨ ᠬᠠᠮᠢᠶᠠᠷᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠡᠷᠢᠬᠦ ᠬᠡᠷᠡᠭᠲᠡᠢ᠃ ︵ | ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠶᠡᠭᠡ ᠠᠩᠭᠢ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠵᠥᠪᠯᠡᠯ᠂ ᠤᠰᠤ ᠬᠠᠩᠭᠠᠬᠤ ᠪᠠ ᠭᠠᠳᠠᠭᠰᠢᠯᠠᠭᠤᠯᠬᠤ ᠺᠣᠮᠫᠠᠨᠢ︶ | | ᠵᠡᠭᠡᠯᠢ ᠲᠣᠭᠤᠷᠢᠭ ᠤᠨ ᠬᠡᠪᠴᠢᠶ᠎ᠡ᠄ ᠬᠤᠲᠠ ᠶᠢᠨ ᠬᠠᠷᠢᠶ᠎ᠠ ᠲᠣᠭᠤᠷᠢᠭ ᠤᠨ ᠨᠢᠭᠡᠨᠲᠡ ᠪᠠᠶᠢᠭᠤᠯᠤᠭᠰᠠᠨ | ᠲᠣᠭᠤᠷᠢᠭ ᠤᠨ ᠬᠠᠷᠢᠶ᠎ᠠ ᠲᠣᠭᠤᠷᠢᠭ ᠲᠠᠬᠢ ᠵᠡᠭᠡᠯᠢ ᠭᠤᠳᠤᠮᠵᠢ ᠪᠠᠷ ᠦᠨᠳᠦᠰᠦᠨ ᠨᠢᠭᠡᠴᠢ ᠪᠣᠯᠭᠠᠵᠤ᠂ ᠴᠢᠳᠠᠮᠵᠢ ᠨᠢ | ᠪᠦᠷᠢᠨ ᠲᠡᠭᠦᠯᠳᠡᠷ᠂ ᠡᠮᠬᠢ ᠴᠡᠭᠴᠡ ᠲᠠᠢ᠂ ᠣᠨᠴᠠᠯᠢᠭᠳᠣ ᠠᠮᠢᠵᠢᠷᠠᠯ ᠤᠨ ᠬᠦᠴᠦᠨ ᠵᠡᠷᠭᠡ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ ᠢ ᠪᠠᠶᠢᠴᠠᠭᠠᠨ ᠡᠷᠢᠨ᠎ᠡ᠃ ︵ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ᠤᠰᠤ ᠬᠠᠩᠭᠠᠬᠤ ᠪᠠ ᠭᠠᠳᠠᠭᠰᠢᠯᠠᠭᠤᠯᠬᠤ ᠺᠣᠮᠫᠠᠨᠢ᠂ ᠴᠠᠬᠢᠯᠭᠠᠨ | ᠬᠠᠩᠭᠠᠬᠤ ᠺᠣᠮᠫᠠᠨᠢ︶ | ᠬᠤᠲᠠ ᠶᠢᠨ ᠲᠣᠭᠤᠷᠢᠭ ︵ᠬᠤᠲᠠ︶ ᠤᠨ ᠬᠡᠪᠴᠢᠶ᠎ᠡ᠄ ᠬᠤᠲᠠ ᠶᠢᠨ ᠬᠠᠷᠢᠶ᠎ᠠ ᠲᠣᠭᠤᠷᠢᠭ ᠤᠨ ᠨᠢᠭᠡᠨᠲᠠ | ᠪᠠᠶᠢᠭᠤᠯᠤᠭᠰᠠᠨ ᠲᠣᠭᠤᠷᠢᠭ ᠤᠨ ᠬᠠᠷᠢᠶ᠎ᠠ ᠲᠣᠭᠤᠷᠢᠭ ᠢᠶᠠᠷ ᠨᠢᠭᠡᠴᠢ ᠪᠣᠯᠭᠠᠵᠤ᠂ ᠠᠮᠢ ᠠᠬᠤᠶ ᠨᠢ ᠣᠷᠣᠰᠢᠨ | ᠰᠠᠭᠤᠬᠤ ᠳᠤ ᠲᠣᠬᠢᠷᠠᠮᠵᠢᠲᠠᠶ᠂ ᠲᠡᠦᠬᠡ ᠰᠣᠶᠣᠯ ᠤᠨ ᠬᠠᠮᠠᠭᠠᠯᠠᠯᠲᠠ ᠠᠰᠢᠭᠯᠠᠯᠲᠠ᠂ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠬᠤ ᠵᠢᠴᠢ ᠲᠤᠰᠢᠶᠠᠯ ᠪᠠ ᠣᠷᠣᠨ ᠰᠠᠭᠤᠴᠠ ᠶᠢ ᠲᠡᠩᠴᠡᠭᠦᠷᠢᠲᠡᠶ ᠪᠠᠶᠢᠯᠭᠠᠬᠤ᠂ ᠠᠮᠤᠷ ᠲᠦᠪᠰᠢᠨ ᠤ | ᠤᠶᠠᠨ ᠬᠠᠲᠠᠨ ᠴᠢᠨᠠᠷ᠂ ᠣᠶᠤᠨᠯᠢᠭ ᠥᠨᠳᠥᠷ ᠪᠦᠲᠦᠮᠵᠢᠲᠡᠶ ᠪᠠᠶᠢᠬᠤ ᠶᠢ ᠪᠠᠶᠢᠴᠠᠭᠠᠨ ᠡᠷᠢᠬᠦ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠡᠷᠢᠬᠦ ᠬᠡᠷᠡᠭᠲᠡᠢ᠃ ︵ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠯᠤᠰ ᠲᠥᠷᠥ ᠶᠢᠨ | ᠲᠤᠭ᠎ᠠ ᠪᠠᠷᠢᠮᠲᠠ ᠶᠢᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠰᠢᠯᠢ ᠶᠢᠨ ᠬᠤᠲᠠ ᠶᠢᠨ ᠬᠤᠪᠢᠶᠠᠷᠢ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠰᠤ ᠬᠠᠩᠭᠠᠬᠤ ᠪᠠ | ᠭᠠᠳᠠᠭᠰᠢᠯᠠᠭᠤᠯᠬᠤ ᠺᠣᠮᠫᠠᠨᠢ︶ | ᠭᠤᠷᠪᠠ᠂ ᠠᠵᠢᠯ ᠤᠨ ᠡᠭᠦᠷᠭᠡ ᠪᠣᠯᠤᠨ ᠴᠠᠭ ᠤᠨ ᠲᠤᠬᠢᠷᠠᠭᠤᠯᠤᠯᠳᠠ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ | 1.ᠪᠡᠶ᠎ᠡ ᠶᠢᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠬᠤᠲᠠ ᠶᠢᠨ ᠲᠣᠭᠤᠷᠢᠭ ︵ | ᠬᠤᠲᠠ︶ ᠤᠨ ᠪᠡᠶ᠎ᠡ ᠶᠢᠨ ᠪᠠᠶᠢᠴᠠᠭᠠᠯᠲᠠ ᠶᠢ ᠬᠤᠲᠠ ᠶᠢᠨ ᠬᠠᠷᠢᠶ᠎ᠠ ᠲᠣᠭᠤᠷᠢᠭ ᠤᠨ ᠨᠢᠭᠡᠨᠲᠠ ᠪᠠᠶᠢᠭᠤᠯᠤᠭᠰᠠᠨ | ᠲᠣᠭᠤᠷᠢᠭ ᠢᠶᠠᠷ ᠬᠡᠪᠴᠢᠶᠡᠯᠡᠨᠡ᠃ | ᠵᠠᠭᠠᠭ ᠱᠣᠭᠤᠮ ᠢᠶᠠᠷ ᠢᠯᠭᠠᠵᠤ ᠦᠷᠨᠢᠭᠦᠯᠦᠨ᠎ᠡ︔ ᠵᠡᠭᠡᠯᠢ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠶᠢ | ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠵᠠᠭᠠᠭ ᠢᠶᠠᠷ ᠥᠷᠨᠢᠭᠦᠯᠬᠦ ᠬᠡᠷᠡᠭᠲᠡᠶ︔ ᠵᠢᠵᠢᠭ ᠲᠣᠭᠤᠷᠢᠭ ︵ᠨᠡᠶᠢᠭᠡᠮ | ᠲᠣᠭᠤᠷᠢᠭ︶᠂ ᠣᠷᠣᠨ ᠰᠠᠭᠤᠴᠠ ᠶᠢᠨ ᠪᠡᠶ᠎ᠡ ᠶᠢᠨ ᠪᠠᠶᠢᠴᠠᠭᠠᠯᠲᠠ ᠶᠢ ᠨᠡᠶᠢᠭᠡᠮ ᠲᠣᠭᠤᠷᠢᠭ ᠢᠶᠠᠷ ᠦᠨᠳᠦᠰᠦᠨ | ᠨᠢᠭᠡᠴᠡ ᠪᠣᠯᠭᠠᠨ ᠨᠢᠭᠡᠳᠦᠯᠲᠡᠶ ᠲᠥᠯᠥᠪᠯᠡᠨ ᠥᠷᠨᠢᠭᠦᠯᠵᠦ᠂ ᠪᠠᠶᠢᠭᠤᠯᠤᠭᠰᠠᠨ ᠣᠨ ᠵᠢᠯ ᠨᠢ ᠤᠷᠲᠤ ᠤᠳᠠᠭᠠᠨ᠂ | ᠠᠮᠤᠷ ᠲᠦᠪᠰᠢᠨ ᠤ ᠳᠠᠯᠳᠠ ᠭᠡᠮ ᠨᠡᠯᠢᠶᠡᠳ ᠶᠡᠭᠡ᠂ ᠣᠷᠴᠢᠨ ᠲᠣᠭᠤᠷᠢᠨ ᠨᠢ ᠬᠠᠭᠤᠴᠢᠷᠬᠠᠰᠠᠨ ᠵᠢᠵᠢᠭ ᠲᠣᠭᠤᠷᠢᠭ | ︵ᠨᠡᠶᠢᠭᠡᠮ ᠲᠣᠭᠤᠷᠢᠭ︶ ᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠶ᠃ ᠵᠠᠷᠴᠢᠮ ᠳᠡᠭᠡᠷ᠎ᠡ ᠪᠠᠨ ᠰᠢᠯᠢ ᠶᠢᠨ | ᠬᠤᠲᠠ ᠶᠢᠨ ᠬᠠᠷᠢᠶ᠎ᠠ ᠲᠣᠭᠤᠷᠢᠭ ᠤᠨ ᠨᠢᠭᠡᠨᠲᠡ ᠪᠠᠶᠢᠭᠤᠯᠤᠭᠰᠠᠨ ᠲᠣᠭᠤᠷᠢᠭ ᠤᠨ ᠪᠣᠶ ᠪᠥᠬᠦᠶ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ︵ᠰᠠᠭᠤᠭᠠᠯᠢ ᠲᠣᠭᠤᠷᠢᠭ︶ ᠴᠥᠮ ᠪᠠᠶᠢᠴᠠᠭᠠᠯᠲᠠ ᠳᠤ ᠣᠷᠣᠯᠴᠠᠬᠤ ᠬᠡᠷᠡᠭᠲᠡᠶ ︵ᠪᠡᠶᠡᠯᠡᠭᠦᠯᠬᠦ | ᠴᠠᠭ ᠤᠨ ᠬᠢᠵᠠᠭᠠᠷ ᠨᠢ᠄ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ︶᠃ | 2.ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠬᠦ ᠲᠤᠭ᠎ᠠ ᠶᠢ ᠨᠠᠷᠢᠯᠢᠭ᠍ᠵᠢᠭᠤᠯᠤᠨ ᠲᠡᠭᠦᠯᠳᠡᠷᠵᠢᠭᠦᠯᠦᠨ᠎ᠡ᠃ ︿︿ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ﹀﹀ ︵ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ﹇2023﹈ 75 ᠳ᠋ᠤᠭᠠᠷ ᠲᠣᠭᠠᠲᠤ︶ ᠵᠢᠴᠢ ︿︿ | 2024 ᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠮᠡᠳᠡᠭᠳᠡᠯ﹀﹀ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠠᠷᠬᠠᠭᠠᠭᠰᠠᠨ ﹇2024﹈ 49 ᠳ᠋ᠦ᠋ᠭᠡᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ | ︿︿60+20+N﹀﹀ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠯᠳᠦᠭᠦᠯᠬᠦ ᠶᠢᠨ ᠬᠠᠮᠲᠤ᠂ ᠭᠦᠢᠴᠡᠳᠬᠡᠯ | ᠲᠤᠭ᠎ᠠ ᠶᠢᠨ ᠲᠣᠮᠢᠶᠠᠯᠠᠯ᠂ ᠪᠤᠳᠤᠬᠤ ᠠᠷᠭ᠎ᠠ᠂ ᠭᠠᠷᠭᠠᠨ ᠠᠪᠬᠤ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠵᠤ᠂ ︿︿ | 2024 ᠣᠨ ᠤ ᠰᠢᠯᠢ ᠶᠢᠨ ᠬᠤᠲᠠ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ | ᠰᠢᠰᠲ᠋ᠧᠮᠵᠢ ᠵᠢᠴᠢ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠬᠦᠰᠦᠨᠦᠭᠲᠦ﹀﹀ ︵ᠪᠡᠶᠡᠯᠡᠭᠦᠯᠬᠦ ᠴᠠᠭ ᠤᠨ | ᠬᠢᠵᠠᠭᠠᠷ ᠨᠢ᠄ 2024 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ︶ ᠶᠢ ᠪᠦᠷᠢᠯᠳᠦᠭᠦᠯᠦᠨ᠎ᠡ᠃ | 3.ᠠᠵᠢᠯ ᠲᠥᠷᠥᠯ ᠤᠨ ᠲᠤᠭ᠎ᠠ ᠪᠠᠷᠢᠮᠲᠠ ᠶᠢ ᠲᠤᠷᠰᠢᠨ ᠴᠤᠭᠯᠠᠭᠤᠯᠬᠤ ᠶᠢ ᠥᠷᠨᠢᠭᠦᠯᠦᠨ᠎ᠡ᠃ ᠮᠠᠨ ᠤ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠᠷ ᠴᠢᠭᠯᠡᠯ ᠪᠣᠯᠭᠠᠵᠤ᠂ ᠲᠤᠭ᠎ᠠ | ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠨ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠲᠤᠷᠰᠢᠨ | ᠴᠤᠭᠯᠠᠭᠤᠯᠬᠤ ᠶᠢ ᠥᠷᠨᠢᠭᠦᠯᠵᠦ᠂ ᠲᠤᠭ᠎ᠠ ᠪᠠᠷᠢᠮᠲᠠ ᠶᠢᠨ ᠢᠷᠡᠯᠲᠡ ᠨᠢ ᠭᠤᠤᠯᠳᠠᠭᠤ ᠡᠯ᠎ᠡ ᠬᠠᠮᠢᠶ᠎ᠠ ᠪᠦᠬᠦᠢ ᠠᠵᠢᠯ | ᠲᠥᠷᠥᠯ ᠤᠨ ᠰᠠᠯᠠᠭ᠎ᠠ ᠮᠥᠴᠢᠷ ᠤᠨ ᠣᠶᠢᠷ᠎ᠠ ᠶᠢᠨ ᠭᠤᠷᠪᠠᠨ ᠵᠢᠯ ᠤᠨ ᠠᠵᠢᠯ ᠤᠨ ᠮᠡᠳᠡᠭᠦᠯᠦᠯᠲᠡ᠂ ᠲᠤᠰᠬᠠᠶ | ᠲᠥᠯᠥᠪᠵᠢᠭᠦᠯᠪᠡ᠂ ᠲᠤᠭ᠎ᠠ ᠪᠦᠷᠢᠳᠬᠡᠯ᠂ ᠠᠵᠢᠯ ᠲᠥᠷᠥᠯ ᠤᠨ ᠲᠤᠭ᠎ᠠ ᠪᠠᠷᠢᠮᠲᠠ᠂ ᠬᠠᠷᠢᠯᠴᠠᠨ ᠬᠤᠯᠪᠣᠭᠰᠠᠨ | ᠲᠤᠭ᠎ᠠ ᠪᠠᠷᠢᠮᠲᠠ᠂ ᠠᠯᠤᠰ ᠰᠡᠷᠡᠯ ᠤᠨ ᠲᠤᠭ᠎ᠠ ᠪᠠᠷᠢᠮᠲᠠ᠂ ᠲᠤᠰᠬᠠᠶ ᠵᠦᠢᠯ ᠤᠨ ᠪᠠᠶᠢᠴᠠᠭᠠᠯᠲᠠ ᠵᠡᠷᠭᠡ ᠪᠠᠶᠢᠵᠤ᠂ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠰᠠᠭᠤᠷᠢ ᠮᠠᠲ᠋ᠧᠷᠢᠶᠠᠯ ᠤᠨ ᠳ᠋ᠠᠶᠢᠲ᠋ᠠ ᠬᠥᠮᠥᠷᠭᠡ ᠶᠢ ᠪᠦᠷᠢᠯᠳᠦᠭᠦᠯᠦᠨ᠎ᠡ᠃ | ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 5 ᠰᠠᠷ᠎ᠠ ᠶᠢᠨ 15 ᠤ ᠡᠳᠦᠷ︶ | ︵ᠬᠤᠶᠠᠷ︶ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠠᠶᠢᠷᠢᠯᠠᠭᠤᠯᠬᠤ ᠱᠠᠲᠤ ᠦᠶ᠎ᠡ | 1.ᠪᠡᠶ᠎ᠡ ᠶᠢᠨ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠬᠤᠷᠠᠯ ᠢ ᠪᠠᠶᠢᠷᠢᠯᠠᠭᠤᠯᠪᠠ᠃ ᠤᠳᠤᠷᠢᠳᠬᠤ | ᠳᠤᠭᠤᠶᠢᠯᠠᠩ ᠠᠴᠠ ᠡᠯ᠎ᠡ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠳᠠᠶᠢᠴᠢᠯᠠᠯᠲᠠ ᠶᠢᠨ | ᠬᠤᠷᠠᠯ ᠢ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ | ᠪᠠ ᠠᠶᠢᠮᠠᠭ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ | ᠡᠲᠡᠭᠡᠳ ᠤᠨ ᠵᠢᠯᠣᠭᠤᠳᠬᠤ ᠪᠦᠯᠬᠦᠮ᠂ ᠲᠣᠰ ᠬᠤᠲᠠ ᠶᠢᠨ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ | ᠪᠦᠯᠬᠦᠮ ᠵᠡᠷᠭᠡ ᠣᠯᠠᠨ ᠲᠠᠯ᠎ᠠ ᠶᠢᠨ ᠬᠢᠨ ᠢ ᠤᠷᠢᠵᠤ ᠣᠷᠣᠯᠴᠠᠭᠤᠯᠤᠨ᠂ ᠶᠠᠮᠤᠨ ᠤ ᠵᠠᠬᠢᠷᠭ᠎ᠠ ᠶᠢᠨ ᠬᠤᠷᠠᠯ᠂ ᠲᠤᠰᠬᠠᠶ | ᠰᠡᠳᠦᠪᠲᠦ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠨ ᠤ ᠪᠡᠶ᠎ᠡ ᠶᠢᠨ ᠪᠠᠶᠢᠴᠠᠭᠠᠯᠲᠠ ᠶᠢᠨ | ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠤᠲᠠ ᠶᠢᠨ ᠪᠣᠳᠠᠲᠤ ᠪᠠᠶᠢᠳᠠᠯ ᠳᠤ ᠴᠢᠨᠠᠷ ᠰᠠᠶᠢᠲᠠᠶ ᠪᠠᠷ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠶ᠃ ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 6 ᠰᠠᠷ᠎ᠠ ᠶᠢᠨ 30 ᠤ | ᠡᠳᠦᠷ︶ | 2.ᠮᠡᠷᠭᠡᠵᠢᠯ ᠤᠨ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠭᠤᠷᠪᠠᠳᠠᠬᠢ ᠡᠲᠡᠭᠡᠳ ᠢ ᠤᠷᠢᠵᠤ ᠵᠢᠯᠣᠭᠤᠳᠬᠤ ᠪᠦᠯᠬᠦᠮ᠂ ᠲᠣᠰ ᠬᠤᠲᠠ ᠶᠢᠨ ᠭᠤᠷᠪᠠᠳᠠᠬᠢ | ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ | ᠮᠡᠷᠭᠡᠵᠢᠯ ᠤᠨ ᠪᠣᠯᠪᠠᠰᠤᠷᠠᠭᠤᠯᠤᠯ ᠵᠢᠯᠣᠭᠤᠳᠣᠯᠭ᠎ᠠ ᠥᠷᠨᠢᠭᠦᠯᠵᠦ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠠᠵᠢᠯ ᠤᠨ ᠶᠠᠪᠤᠴᠠ᠂ ᠠᠵᠢᠯ ᠤᠨ ᠠᠭᠤᠯᠭ᠎ᠠ᠂ ᠠᠵᠢᠯ ᠤᠨ ᠦᠷ᠎ᠡ ᠪᠦᠲᠦᠭᠡᠯ ᠵᠢᠴᠢ ᠬᠡᠷᠡᠭᠯᠡᠯᠲᠡ ᠵᠡᠷᠭᠡ ᠳᠤ ᠨᠠᠷᠢᠨ | ᠲᠠᠶᠢᠯᠤᠮᠵᠢ ᠬᠢᠪᠠ᠃ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠨᠢ ᠪᠡᠶ᠎ᠡ ᠶᠢᠨ | ᠪᠠᠶᠢᠴᠠᠭᠠᠯᠲᠠ ᠶᠢᠨ ᠠᠵᠢᠯ ᠥᠷᠨᠢᠭᠦᠯᠬᠦ ᠶᠠᠪᠤᠴᠠ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠷᠭᠡᠵᠢᠯ ᠤᠨ | ᠲᠤᠯᠭᠠᠭᠤᠷᠢᠯᠠᠯ ᠵᠢᠴᠢ ᠠᠰᠠᠭᠤᠯᠲᠠ ᠶᠢᠨ ᠬᠠᠷᠢᠭᠤᠯᠲᠠ ᠬᠠᠩᠭᠠᠬᠤ ᠶᠢ ᠠᠷᠭᠠᠴᠠᠵᠤ᠂ ᠤᠳᠤᠷᠢᠳᠬᠤ ᠳᠤᠭᠤᠶᠢᠯᠠᠩ ᠢ | ᠬᠠᠪᠰᠤᠷᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ᠄ | 2024 ᠣᠨ ᠤ 7 ᠰᠠᠷ᠎ᠠ ᠶᠢᠨ 1 ᠤ ᠡᠳᠦᠷ︶᠃ | 3.ᠲᠤᠬᠠᠶ ᠶᠢᠨ ᠲᠠᠯᠠᠪᠠᠶ ᠶᠢᠨ ᠲᠤᠭ᠎ᠠ ᠪᠠᠷᠢᠮᠲᠠ ᠴᠤᠭᠯᠠᠭᠤᠯᠬᠤ ᠪᠠᠶᠢᠴᠠᠭᠠᠨ ᠰᠤᠳᠤᠯᠤᠯᠲᠠ ᠶᠢ | ᠥᠷᠨᠢᠭᠦᠯᠦᠨ᠎ᠡ᠃ ᠣᠷᠣᠨ ᠰᠠᠭᠤᠴᠠ᠂ ᠵᠢᠵᠢᠭ ᠲᠣᠭᠤᠷᠢᠭ ︵ᠨᠡᠶᠢᠭᠡᠮ ᠲᠣᠭᠤᠷᠢᠭ︶᠂ ᠵᠡᠭᠡᠯᠢ ᠲᠣᠭᠤᠷᠢᠭ᠂ | ᠬᠤᠲᠠ ᠲᠣᠭᠤᠷᠢᠭ ︵ᠬᠤᠲᠠ︶ ᠳᠥᠷᠪᠡᠨ ᠲᠠᠯ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠥᠨᠳᠥᠷ | ᠦᠷ᠎ᠡ ᠪᠦᠲᠦᠮᠵᠢᠲᠡᠶ ᠪᠠᠷ ᠥᠷᠨᠢᠭᠦᠯᠵᠦ᠂ ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠣᠨᠣᠪᠴᠢᠲᠠᠶ᠂ ᠦᠨᠡᠨ | ᠪᠣᠳᠠᠲᠠᠶ᠂ ᠪᠤᠰᠤᠳᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠬᠤ᠂ ᠪᠣᠳᠠᠲᠠᠢ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠬᠤᠳᠠ ᠶᠢᠨ | ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠬᠠᠨᠤᠮᠵᠢᠲᠠᠢ ᠪᠠᠶᠢᠬᠤ ᠬᠡᠮᠵᠢᠶ᠎ᠡ ᠶᠢ ᠪᠠᠶᠢᠴᠠᠭᠠᠨ ᠵᠠᠳᠠᠯᠵᠤ᠂ ᠤᠯᠠᠨ | ᠲᠦᠮᠡᠨ ᠤ ᠲᠤᠰᠬᠠᠭᠰᠠᠨ ᠲᠤᠪᠤᠶᠢᠮ᠎ᠠ ᠠᠰᠠᠭᠤᠳᠠᠯ ᠪᠣᠯᠤᠨ ᠳᠤᠲᠠᠭᠤᠳᠠᠯ ᠢ ᠪᠠᠶᠢᠴᠠᠭᠠᠨ ᠡᠷᠢᠵᠦ᠂ | ᠪᠠᠶᠢᠴᠠᠭᠠᠯᠲᠠ ᠶᠢᠨ ᠦᠷ᠎ᠡ ᠳ᠋ᠦᠩ ᠢ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠣᠷᠣᠭᠤᠯᠤᠨ᠎ᠠ | ᠃ ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 7 ᠰᠠᠷ᠎ᠠ ᠶᠢᠨ 25 ᠤ ᠡᠳᠦᠷ︶᠃ | ︵ᠭᠤᠷᠪᠠ︶ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠱᠠᠲᠤ ᠦᠶ᠎ᠡ | ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠨᠢ ᠵᠢᠵᠢᠭ ᠫᠷᠣᠭ᠍ᠷᠠᠮ ᠤᠨ ᠮᠡᠳᠡᠭᠡ ᠵᠠᠩᠭᠢ ᠶᠢᠨ | ᠲᠠᠪᠴᠠᠩ ᠤᠨ ᠲᠤᠭ᠎ᠠ ᠪᠠᠷᠢᠮᠲᠠ ᠶᠢ ᠤᠯᠬᠤ᠂ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠨ ᠬᠠᠷᠢᠭᠤ ᠲᠤᠰᠬᠠᠬᠤ᠂ ᠲᠤᠬᠠᠶ ᠶᠢᠨ ᠲᠠᠯᠠᠪᠠᠶ ᠳᠤ ᠬᠠᠷᠭᠤᠭᠤᠯᠤᠨ ᠦᠨᠡᠯᠡᠨ ᠵᠢᠱᠢᠬᠦ ᠵᠡᠷᠭᠡ ᠣᠯᠠᠨ | ᠬᠠᠷᠠᠭᠠᠰᠤ ᠠᠴᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠴᠤᠭᠯᠠᠭᠤᠯᠤᠨ ᠬᠠᠷᠢᠯᠴᠠᠨ | ᠬᠠᠷᠭᠤᠭᠤᠯᠤᠨ ᠰᠢᠯᠭᠠᠵᠤ᠂ ᠲᠤᠭ᠎ᠠ ᠪᠠᠷᠢᠮᠲᠠ ᠶᠢᠨ ᠢᠷᠡᠯᠲᠡ ᠶᠢᠨ ᠦᠨᠳᠦᠰᠦᠯᠡᠯ᠂ ᠴᠢᠭᠯᠡᠭᠦᠯᠦᠯᠲᠦ ᠴᠢᠨᠠᠷ᠂ ᠦᠨᠡᠨ | ᠪᠣᠳᠠᠲᠤ ᠴᠢᠨᠠᠷ ᠲᠤ ᠭᠤᠤᠯᠳᠠᠯᠭ᠎ᠠ ᠲᠠᠢ ᠬᠠᠷᠢᠴᠠᠭᠤᠯᠤᠨ ᠳᠠᠬᠢᠨ ᠬᠠᠷᠭᠤᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ | ᠦᠨᠡᠯᠡᠯᠲᠡ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 8 ᠰᠠᠷ᠎ᠠ ᠶᠢᠨ 5 ᠤ ᠡᠳᠦᠷ︶ | ︵ᠳᠥᠷᠪᠡ︶ ᠦᠷ᠎ᠡ ᠪᠦᠲᠦᠭᠡᠯ ᠢ ᠨᠠᠶᠢᠷᠠᠭᠤᠯᠤᠨ ᠪᠢᠴᠢᠬᠦ ᠱᠠᠲᠤ ᠦᠶ᠎ᠡ | ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠠᠴᠠ ᠰᠠᠭᠤᠷᠢ ᠮᠠᠲ᠋ᠧᠷᠢᠶᠠᠯ ᠤᠨ ᠳ᠋ᠠᠶᠢᠲ᠋ᠠ | ᠬᠥᠮᠥᠷᠭᠡ ᠵᠢᠴᠢ ᠲᠤᠬᠠᠶ ᠶᠢᠨ ᠲᠠᠯᠠᠪᠠᠶ ᠠᠴᠠ ᠲᠤᠭ᠎ᠠ ᠪᠠᠷᠢᠮᠲᠠ ᠴᠤᠭᠯᠠᠭᠤᠯᠵᠤ ᠬᠤᠷᠢᠶᠠᠩᠭᠤᠶᠢᠯᠠᠨ ᠵᠠᠳᠠᠯᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠳᠤ ᠴᠢᠨᠠᠷ ᠪᠠ ᠬᠡᠮᠵᠢᠶ᠎ᠡ ᠶᠢ | ᠲᠣᠭᠲᠠᠭᠠᠬᠤ᠂ ᠪᠡᠶᠡᠴᠢ ᠪᠠ ᠪᠤᠰᠤᠳᠴᠢ ᠶᠢ ᠤᠶᠠᠯᠳᠤᠭᠤᠯᠬᠤ᠂ ᠣᠯᠠᠨ ᠬᠠᠷᠠᠭᠠᠰᠤ ᠶᠢᠨ ᠵᠠᠷᠴᠢᠮ ᠶᠣᠰᠣᠭᠠᠷ | ᠵᠠᠳᠠᠯᠤᠨ ᠨᠤᠲᠠᠯᠠᠬᠤ ᠶᠢ ᠥᠷᠨᠢᠭᠦᠯᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠶᠡᠷᠦᠩᠬᠡᠶᠢᠯᠡᠨ ᠦᠨᠡᠯᠡᠵᠦ᠂ | ᠬᠤᠲᠠ ᠶᠢᠨ ᠬᠥᠭᠵᠢᠯᠲᠡ ᠶᠢᠨ ᠬᠠᠷᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ᠂ ︿︿ | ᠬᠤᠲᠠ ᠶᠢᠨ ᠡᠪᠡᠳᠴᠢᠨ﹀﹀᠂ ᠭᠦᠢᠴᠡᠳᠬᠡᠬᠦ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠵᠡᠷᠭᠡ | ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ | ᠦᠨᠳᠦᠰᠦ ᠶᠢ ᠨᠢ ᠡᠷᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠢ ᠲᠣᠭᠲᠠᠭᠠᠨ᠎ᠠ᠃ | ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 8 ᠰᠠᠷ᠎ᠠ ᠶᠢᠨ 15 ᠤ ᠡᠳᠦᠷ︶ | ︵ᠲᠠᠪᠤ︶ ᠲᠤᠰᠬᠠᠶ ᠮᠡᠷᠭᠡᠵᠢᠯᠲᠡᠳ ᠤᠨ ᠨᠤᠲᠠᠯᠠᠯ ᠤᠨ ᠱᠠᠲᠤ ᠦᠶ᠎ᠡ | ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ | ᠪᠦᠲᠦᠭᠡᠯ ᠳᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠲᠤᠰᠬᠠᠶ ᠮᠡᠷᠭᠡᠵᠢᠯᠲᠡᠨ ᠤ ᠮᠡᠷᠭᠡᠵᠢᠯ ᠤᠨ | ᠬᠢᠨᠠᠨ ᠪᠠᠶᠢᠴᠠᠭᠠᠯᠲᠠ ᠶᠢᠨ ᠰᠠᠨᠠᠯ ᠢ ᠪᠦᠷᠢᠯᠳᠦᠭᠦᠯᠦᠨ᠎ᠡ᠃ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠨᠢ | ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠬᠠᠩᠭᠠᠭᠰᠠᠨ ᠡᠰᠡᠬᠦ᠂ ᠬᠠᠮᠢᠶ᠎ᠠ ᠪᠥᠬᠦᠶ ᠳ᠋ᠦᠩᠨᠡᠯᠲᠡ ᠨᠢ ᠲᠣᠰ | ᠭᠠᠵᠠᠷ ᠤᠨ ᠪᠣᠳᠠᠲᠤ ᠪᠠᠶᠢᠳᠠᠯ ᠲᠠᠢ ᠨᠡᠶᠢᠴᠡᠭᠰᠡᠨ ᠡᠰᠡᠬᠦ᠂ ᠳᠤᠷᠠᠳᠤᠭᠰᠠᠨ ᠬᠤᠲᠠ ᠶᠢᠨ ᠠᠰᠠᠭᠤᠳᠠᠯ ᠤᠨ ᠨᠠᠷᠢᠨ | ᠬᠠᠭᠤᠳᠠᠰᠤ᠂ ᠴᠡᠭᠴᠡᠯᠡᠨ ᠵᠠᠰᠠᠬᠤ ᠰᠠᠨᠠᠭᠤᠯᠭ᠎ᠠ ᠶᠢᠨ ᠨᠠᠷᠢᠨ ᠬᠠᠭᠤᠳᠠᠰᠤ ᠵᠢᠴᠢ ᠵᠠᠰᠠᠬᠤ ᠠᠷᠭ᠎ᠠ ᠪᠣᠳᠣᠯᠭ᠎ᠠ᠂ | ᠠᠵᠢᠯᠯᠠᠭᠠᠨ ᠤ ᠰᠠᠨᠠᠭᠤᠯᠭ᠎ᠠ ᠨᠢ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ ᠪᠠᠶᠢᠬᠤ ᠡᠰᠡᠬᠦ ᠶᠢ ᠪᠥᠬᠦ | ᠲᠠᠯ᠎ᠠ ᠪᠠᠷ ᠬᠢᠨᠠᠨ ᠪᠠᠶᠢᠴᠠᠭᠠᠨ᠎ᠠ᠃ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠪᠠ | ᠵᠠᠰᠠᠪᠤᠷᠢ ᠣᠷᠣᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠠᠭᠠᠯᠳᠤᠭᠤᠯᠤᠯ ᠪᠣᠯᠭᠠᠨ ᠪᠡᠶ᠎ᠡ ᠶᠢᠨ | ᠪᠠᠶᠢᠴᠠᠭᠠᠯᠲᠠ ᠶᠢᠨ ᠮᠡᠳᠡᠭᠦᠯᠦᠯᠲᠡ ᠳᠤ ᠣᠷᠣᠭᠤᠯᠵᠤ᠂ ᠬᠠᠮᠤᠭ ᠡᠴᠦᠰ ᠲᠤ ᠠᠰᠠᠭᠤᠳᠠᠯ ᠤᠨ ᠨᠠᠷᠢᠨ ᠬᠠᠭᠤᠳᠠᠰᠤ᠂ | ᠴᠡᠭᠴᠡᠯᠡᠨ ᠵᠠᠰᠠᠬᠤ ᠰᠠᠨᠠᠭᠤᠯᠭ᠎ᠠ ᠶᠢᠨ ᠨᠠᠷᠢᠨ ᠬᠠᠭᠤᠳᠠᠰᠤ ᠪᠠ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠮᠡᠳᠡᠭᠦᠯᠦᠯᠲᠡ ᠪᠣᠯᠭᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 8 ᠳ᠋ᠤᠭᠠᠷ ᠰᠠᠷ᠎ᠠ ᠶᠢᠨ 20 ᠤ | ᠡᠳᠦᠷ︶ | ︵ᠵᠢᠷᠭᠤᠭ᠎ᠠ︶ ᠬᠢᠨᠠᠨ ᠵᠥᠪᠰᠢᠶᠡᠷᠡᠬᠦ ᠪᠠ ᠬᠡᠷᠡᠭᠵᠢᠭᠦᠯᠬᠦ ᠱᠠᠲᠤ ᠦᠶ᠎ᠡ | ᠰᠢᠯᠢ ᠶᠢᠨ ᠬᠤᠲᠠ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ | ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠳᠡᠭᠡᠷ᠎ᠡ ᠱᠠᠲᠤᠨ ᠳᠤ ᠮᠡᠳᠡᠭᠦᠯᠦᠨ | ᠬᠦᠷᠭᠡᠨ᠎ᠡ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠤᠯᠢ ᠲᠣᠭᠲᠠᠭᠠᠯ ᠶᠣᠰᠣᠭᠠᠷ | ᠨᠡᠶᠢᠭᠡᠮ ᠳᠤ ᠢᠯᠡ ᠪᠣᠯᠭᠠᠨ᠎ᠠ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠤᠯᠠᠷᠢᠭᠤᠯᠤᠨ | ᠬᠡᠷᠡᠭᠯᠡᠬᠦ ᠶᠢ ᠰᠠᠶᠢᠲᠤᠷ ᠬᠢᠵᠦ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ | ᠦᠨᠳᠦᠰᠦᠯᠡᠨ᠂ ᠳᠠᠷᠠᠭ᠎ᠠ ᠨᠢᠭᠡ ᠵᠢᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠶᠢᠨ ᠰᠢᠨᠡᠳᠬᠡᠨ ᠬᠡᠷᠡᠭᠵᠢᠭᠦᠯᠬᠦ | ᠠᠵᠢᠯᠯᠠᠭ᠎ᠠ ᠶᠢᠨ ᠲᠣᠬᠢᠷᠠᠭᠤᠯᠤᠯᠲᠠ ᠶᠢ ᠲᠣᠭᠲᠠᠭᠠᠨ᠂ ᠬᠤᠲᠠ ᠶᠢᠨ ᠰᠢᠨᠡᠳᠬᠡᠯᠲᠡ ᠶᠢᠨ ᠠᠵᠢᠯᠯᠠᠭ᠎ᠠ ᠶᠢ ᠠᠬᠢᠭᠤᠯᠵᠤ᠂ | ᠡᠯ᠎ᠡ ᠲᠥᠷᠥᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠤᠨ᠎ᠠ᠃ ᠲᠤᠬᠠᠶ ᠶᠢᠨ ᠵᠢᠯ ᠤᠨ ᠭᠦᠢᠴᠡᠳᠬᠡᠯ ᠲᠤᠭ᠎ᠠ ᠶᠢ ᠰᠢᠰᠲ᠋ᠧᠮ ᠲᠠᠢ ᠵᠠᠳᠠᠯᠵᠤ᠂ ᠳᠡᠭᠡᠷ᠎ᠡ ᠵᠢᠯ ᠤᠨ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠦᠷ᠎ᠡ ᠪᠦᠲᠦᠮᠵᠢ ᠶᠢ | ᠰᠢᠨᠵᠢᠯᠡᠬᠦ ᠤᠬᠠᠭᠠᠨᠴᠢ ᠪᠠᠷ ᠦᠨᠡᠯᠡᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 8 ᠰᠠᠷ᠎ᠠ ᠶᠢᠨ | 25 ᠤ ᠡᠳᠦᠷ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ | ᠤᠤᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠵᠦ᠂ | ᠲᠣᠬᠢᠷᠠᠭᠤᠯᠤᠯᠲᠠ ᠬᠢᠭᠰᠡᠨ ᠤ ᠳᠠᠷᠠᠭ᠎ᠠ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ | ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ | ᠳᠤᠭᠤᠶᠢᠯᠠᠩ ᠤᠨ ᠪᠦᠷᠢᠯᠳᠦᠬᠦᠨ ᠤ ᠠᠵᠢᠯ ᠤᠨ ᠤᠳᠤᠷᠢᠳᠬᠤ ᠳᠤᠭᠤᠶᠢᠯᠠᠩ ᠪᠣᠯᠭᠠᠵᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠬᠠᠮᠢᠶ᠎ᠠ | ᠪᠥᠬᠦᠶ ᠰᠠᠯᠠᠭ᠎ᠠ ᠮᠥᠴᠢᠷ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠬᠠᠮᠲᠤ ᠪᠠᠷ ᠣᠷᠣᠯᠴᠠᠭᠰᠠᠨ᠂ ᠭᠤᠷᠪᠠᠳᠠᠬᠢ | ᠡᠲᠡᠭᠡᠳ ᠤᠨ ᠲᠤᠰᠬᠠᠶ ᠮᠡᠷᠭᠡᠵᠢᠯ ᠤᠨ ᠪᠦᠯᠬᠦᠮ ᠬᠠᠷᠢᠭᠤᠴᠠᠭᠰᠠᠨ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ | ᠪᠠᠶᠢᠭᠤᠯᠤᠨ᠎ᠠ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ | ᠰᠢᠮᠳᠠᠭᠤᠯᠬᠤ᠂ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠮᠡᠷᠭᠡᠵᠢᠯ ᠤᠨ | ᠦᠢᠯᠡᠴᠢᠯᠡᠭᠡ ᠬᠤᠳᠠᠯᠳᠤᠨ ᠠᠪᠬᠤ ᠪᠠᠯᠠ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠳᠡᠮᠵᠢᠵᠦ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠯᠲᠡ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠡᠯ᠎ᠡ ᠵᠦᠢᠯ ᠤᠨ | ᠲᠤᠰᠬᠠᠶ ᠠᠵᠢᠯᠯᠠᠭ᠎ᠠ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | ︵ᠭᠤᠷᠪᠠ︶ ᠠᠵᠢᠯ ᠤᠨ ᠲᠣᠭᠲᠠᠴᠠ | ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭᠠᠲᠠᠨ ᠪᠠ ᠬᠠᠷᠢᠯᠴᠠᠬᠤ ᠬᠥᠮᠦᠨ ᠢ ᠲᠣᠳᠣᠷᠬᠠᠶᠢᠯᠠᠬᠤ | ᠬᠡᠷᠡᠭᠲᠡᠶ᠃ ᠬᠠᠮᠢᠶ᠎ᠠ ᠪᠥᠬᠦᠶ ᠨᠡᠷᠡᠰ ᠢ ᠤᠳᠤᠷᠢᠳᠬᠤ ᠳᠤᠭᠤᠶᠢᠯᠠᠩ ᠳᠤ ᠬᠠᠷᠢᠭᠤ ᠲᠤᠰᠬᠠᠬᠤ ᠶᠢᠨ ᠬᠠᠮᠲᠤ᠂ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠬᠤᠯᠪᠣᠭᠳᠠᠭᠰᠠᠨ ᠨᠡᠶᠢᠳᠡᠮ ᠪᠠᠶᠢᠴᠠᠭᠠᠯᠲᠠ᠂ ᠪᠠᠶᠢᠴᠠᠭᠠᠯᠲᠠ᠂ | ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ᠂ ᠲᠤᠭ᠎ᠠ ᠪᠠᠷᠢᠮᠲᠠ ᠶᠢ ᠵᠠᠳᠠᠯᠬᠤ᠂ ᠮᠡᠳᠡᠭᠦᠯᠦᠯᠲᠡ ᠶᠢ ᠨᠠᠶᠢᠷᠠᠭᠤᠯᠤᠨ | ᠵᠣᠬᠢᠶᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯ ᠬᠤᠪᠢᠶᠠᠷᠢᠯᠠᠨ | ᠬᠠᠪᠰᠤᠷᠠᠯᠴᠠᠭᠰᠠᠨ᠂ ᠨᠢᠭᠲᠠ ᠬᠠᠮᠵᠢᠯᠴᠠᠭᠰᠠᠨ᠂ ᠬᠠᠮᠲᠤ ᠪᠠᠷ ᠠᠬᠢᠭᠤᠯᠤᠭᠰᠠᠨ ᠥᠨᠳᠥᠷ ᠦᠷ᠎ᠡ ᠪᠦᠲᠦᠮᠵᠢᠲᠡᠶ | ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃ | ︵ᠳᠥᠷᠪᠡ︶ ᠤᠬᠠᠭᠤᠯᠬᠤ ᠠᠵᠢᠯ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠨᠡᠶᠢᠲᠡ ᠣᠯᠠᠨ ᠤ ᠣᠷᠣᠯᠴᠠᠬᠤ ᠢᠳᠡᠪᠬᠢᠵᠢᠯ ᠢ ᠬᠥᠲᠥᠯᠥᠨ ᠵᠢᠯᠣᠭᠤᠳᠴᠤ᠂ ᠡᠯ᠎ᠡ ᠲᠣᠮᠣ ᠭᠤᠤᠯ ᠵᠠᠭᠤᠴᠢᠯᠠᠭᠤᠷ᠂ | ᠴᠢᠬᠤᠯᠠ ᠣᠯᠠᠨ ᠨᠡᠶᠢᠲᠡ ᠶᠢᠨ ᠲᠠᠯᠠᠪᠤᠷ ᠭᠠᠵᠠᠷ ᠢ ᠭᠦᠢᠴᠡᠳ ᠠᠰᠢᠭᠯᠠᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ | ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠪᠥᠬᠦ ᠨᠡᠶᠢᠭᠡᠮ ᠢᠶᠠᠷ ᠢᠶᠠᠨ ᠳᠡᠮᠵᠢᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠎ᠠ᠃ |