ᠰᠢ ᠶᠢᠨ ᠫᠢᠩ ᠪᠣᠯᠣᠨ ᠪᠷᠠᠽᠢᠯ ᠤᠨ ᠶᠡᠷᠦᠩᠬᠡᠶᠢᠯᠡᠭᠴᠢ ᠯᠦᠯᠠ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/9/3
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 15 ᠤ ᠴᠠᠭᠢᠯᠭᠠᠨ ᠮᠡᠳᠡᠭᠡ 8 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠪᠷᠠᠽᠢᠯ ᠤᠨ ᠶᠡᠷᠦᠩᠬᠡᠶᠢᠯᠡᠭᠴᠢ ᠯᠦᠯᠠ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠪᠷᠠᠽᠢᠯ ᠪᠣᠯ ᠴᠥᠮ ᠬᠥᠭᠵᠢᠵᠦ ᠪᠠᠶᠢᠭ᠎ᠠ ᠲᠣᠮᠣ ᠤᠯᠤᠰ ᠪᠥᠭᠡᠳ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ  ᠪᠣᠯᠣᠨ᠎ᠠ᠂  ᠵᠣᠷᠢᠭ ᠨᠢᠭᠡᠲᠡᠢ ᠰᠠᠶᠢᠨ ᠨᠠᠶᠢᠵᠠ᠂ ᠭᠠᠷ ᠬᠤᠯᠪᠣᠯᠴᠠᠨ ᠤᠷᠤᠭᠰᠢᠯᠠᠬᠤ ᠰᠠᠶᠢᠨ ᠬᠠᠨᠢᠲᠠᠨ ᠶᠤᠮ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠲᠣᠭᠲᠠᠭᠤᠨ ᠢᠶᠠᠷ ᠬᠥᠭᠵᠢᠵᠦ᠂ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠪᠥᠮᠪᠥᠷᠴᠡᠭ ᠤᠨ ᠴᠢᠨᠠᠷᠲᠠᠢ ᠨᠥᠯᠥᠭᠡ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠲᠤᠰ ᠲᠤᠰ ᠤᠨ ᠢᠶᠠᠨ ᠬᠥᠭᠵᠢᠯ ᠮᠠᠨᠳᠤᠯ ᠢ ᠠᠬᠢᠭᠤᠯᠬᠤ ᠶᠢᠨ ᠬᠠᠮᠲᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠨᠢᠳᠤᠨᠤᠨ ᠶᠡᠷᠦᠩᠬᠡᠶᠢᠯᠡᠭᠴᠢ ᠯᠦᠯᠠ ᠳᠤᠮᠳᠠᠳᠤ ᠤᠯᠤᠰ ᠲᠤ ᠠᠮᠵᠢᠯᠲᠠ ᠲᠠᠢ ᠠᠶᠢᠯᠴᠢᠯᠠᠵᠤ᠂ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠰᠢᠨ᠎ᠡ ᠢᠷᠡᠭᠡᠳᠦᠢ ᠶᠢ ᠨᠡᠭᠡᠭᠡᠨ ᠡᠭᠦᠳᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠯᠤᠭ᠎ᠠ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠲᠠᠯ᠎ᠠ ᠶᠢᠨ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠪᠷᠠᠽᠢᠯ ᠤᠨ ᠬᠠᠷᠢᠯᠴᠠᠭ᠎ᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠵᠦ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠯᠴᠠᠨ ᠠᠬᠢᠭᠤᠯᠤᠨ᠎ᠠ ᠭᠡᠵᠦ ᠴᠢᠬᠤᠯᠠᠴᠢᠯᠠᠪᠠ᠃      ᠯᠦᠯᠠ᠂ ᠬᠠᠭᠠᠰ ᠵᠠᠭᠤᠨ ᠤ ᠲᠤᠷᠰᠢ᠂ ᠪᠷᠠᠽᠢᠯ ᠳᠤᠮᠳᠠᠳᠤ ᠶᠢᠨ ᠨᠥᠬᠦᠷᠯᠡᠯ ᠲᠠᠰᠤᠷᠠᠯᠲᠠ ᠦᠭᠡᠢ ᠴᠢᠩᠭᠠᠷᠠᠵᠤ᠂ ᠬᠠᠮᠲᠤᠷᠠᠯᠴᠠᠭ᠎ᠠ ᠡᠳᠦᠷ ᠢᠷᠡᠬᠦᠶ᠎ᠡ ᠤᠯᠠᠨ ᠡᠰᠢᠵᠢᠪᠡ᠃ ᠣᠳᠣᠬᠠᠨ ᠳᠤ᠂ ᠬᠤᠶᠠᠷ ᠤᠯᠤᠰ ᠤᠯᠠᠨ ᠬᠦᠷᠢᠶᠡᠨ ᠳᠤ᠂ ᠡᠯ᠎ᠡ ᠲᠡᠰ ᠳᠠᠪᠬᠤᠷᠭ᠎ᠠ ᠶᠢᠨ ᠬᠢᠨ ᠤ ᠬᠠᠮᠲᠤᠷᠠᠯᠴᠠᠭ᠎ᠠ ᠪᠠᠨ ᠪᠠᠲᠤᠯᠠᠵᠤ᠂ ᠨᠡᠩ ᠴᠡᠴᠡᠭᠯᠡᠨ ᠬᠥᠭᠵᠢᠭᠰᠡᠨ᠂ ᠡᠩᠬᠡ ᠲᠠᠶᠢᠪᠤᠩ ᠪᠠ ᠲᠥᠪ ᠭᠤᠣᠯᠴᠢ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠨ᠎ᠠ᠃ ᠪᠷᠠᠽᠢᠯ ᠳᠤᠮᠳᠠᠳᠤ ᠶᠢᠨ ᠬᠠᠷᠢᠯᠴᠠᠭ᠎ᠠ ᠨᠢ ᠤᠯᠠᠨ ᠲᠤᠶᠢᠯᠲᠤ ᠡᠮᠬᠢ ᠳᠢᠭᠯᠢᠮ ᠢ ᠪᠠᠶᠢᠭᠤᠯᠬᠤ ᠪᠠ ᠨᠡᠩ ᠲᠥᠪ ᠭᠤᠣᠯᠴᠢ ᠪᠦᠲᠦᠮᠵᠢᠲᠡᠢ ᠪᠦᠭᠦ ᠪᠥᠮᠪᠥᠷᠴᠡᠭ ᠤᠨ ᠵᠠᠰᠠᠯᠲᠠ ᠳᠤ ᠡᠳᠦᠷ ᠢᠷᠡᠬᠦᠶ᠎ᠡ ᠴᠢᠬᠤᠯᠠ ᠪᠣᠯᠵᠤ᠂ ᠬᠤᠶᠠᠷ ᠤᠯᠤᠰ ᠵᠢᠴᠢ ᠳᠡᠯᠡᠬᠡᠢ ᠶᠢᠨ ᠲᠣᠭᠲᠠᠭᠤᠨ ᠪᠣᠯᠣᠨ ᠤᠷᠢᠳᠴᠢᠯᠠᠨ ᠮᠡᠳᠡᠬᠦᠶᠢᠴᠡ ᠴᠢᠨᠠᠷ ᠲᠤ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠬᠤᠶᠠᠷ ᠤᠯᠤᠰ ᠤᠨ ᠬᠠᠷᠢᠯᠴᠠᠭᠠᠨ ᠤ ᠳᠠᠷᠠᠭᠠᠴᠢ ᠶᠢᠨ 50 ᠵᠢᠯ ᠳᠤ᠂ ᠪᠢᠳᠡ ᠮᠥᠷᠥ ᠵᠡᠷᠭᠡᠴᠡᠨ ᠰᠢᠨ᠎ᠡ ᠵᠠᠮ ᠢ ᠨᠡᠭᠡᠭᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠭᠡᠭᠡᠨ ᠰᠠᠷᠠᠭᠤᠯ ᠢᠷᠡᠭᠡᠳᠦᠢ ᠶᠢ ᠴᠣᠭᠴᠠᠯᠠᠨ᠎ᠠ ᠭᠡᠵᠦ ᠢᠯᠡᠳᠬᠡᠪᠡ᠃      ᠲᠤᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠪᠣᠯᠣᠨ ᠪᠷᠠᠽᠢᠯ ᠤᠨ ᠳᠡᠳ᠋ ᠶᠡᠷᠦᠩᠬᠡᠶᠢᠯᠡᠭᠴᠢ ᠠᠷᠺᠧᠮᠢᠩ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号