ᠰᠢᠯᠢ ᠶᠢᠨ ᠬᠤᠲᠠ ︿︿ᠠᠷᠠᠳ ᠲᠦᠮᠡᠨ ᠢᠶᠠᠷ ᠭᠤᠤᠯ ᠪᠣᠯᠭᠠᠵᠤ᠂ ᠠᠷᠠᠳ ᠲᠦᠮᠡᠨ ᠢ ᠨᠠᠩ ᠬᠠᠨᠤᠮᠵᠢᠲᠠᠶ | ᠪᠣᠯᠭᠠᠬᠤ﹀﹀ ᠦᠢᠯᠡᠴᠢᠯᠡᠭᠡᠨ ᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ | ᠥᠭᠡᠷᠡᠴᠢᠯᠡᠯᠲᠡ ᠶᠢᠨ ᠳᠤᠲᠠᠭᠤᠳᠠᠯ ᠪᠠ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠢᠮᠠᠭᠲᠠ ᠬᠤᠪᠢ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ︿︿ᠠᠵᠤ ᠠᠬᠤᠶᠢᠯᠠᠯ | ᠰᠠᠨᠠᠭ᠎ᠠ ᠠᠮᠤᠷ᠂ ᠠᠷᠠᠳ ᠲᠦᠮᠡᠨ ᠰᠠᠨᠠᠭ᠎ᠠ ᠠᠮᠤᠷ᠂ ᠦᠢᠯᠡᠰ ᠴᠣᠭᠴᠠᠯᠠᠬᠤ ᠳᠤ ᠤᠷᠤᠭᠰᠢᠲᠠᠶ ᠪᠠᠶᠢᠬᠤ﹀﹀ ᠳᠣᠲᠣᠨᠣ | ᠴᠢᠬᠡᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠥᠨᠳᠦᠷᠯᠢᠭ ᠢ ᠬᠦᠴᠦᠯᠡᠨ ᠪᠠᠶᠢᠭᠤᠯᠤᠨ᠎ᠠ᠃ | ᠨᠢᠭᠡ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠨᠢᠭᠡ ᠳᠤ ︿︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀﹀ ᠠᠵᠢᠯ ᠢᠯᠡᠳᠲᠡ ᠦᠷ᠎ᠡ | ᠪᠦᠲᠦᠮᠵᠢ ᠤᠯᠪᠠ᠃ ︿︿ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ | ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ | ᠭᠠᠷᠭᠠᠬᠤ﹀﹀ ᠵᠠᠷᠴᠢᠮ ᠶᠣᠰᠣᠭᠠᠷ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ ᠨᠡᠶᠢᠲᠡ 1927 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠳᠠᠭᠠᠭᠠᠨ ᠠᠪᠴᠤ᠂ 95% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︿︿ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ﹀﹀ ᠶᠢ ᠪᠡᠶᠡᠯᠡᠭᠦᠯᠵᠦ᠂ 6.2 ᠲᠦᠮᠡ ᠭᠠᠷᠤᠶ ᠬᠡᠷᠡᠭ | ᠶᠠᠪᠤᠳᠠᠯ ᠢ ᠰᠢᠢᠳᠪᠦᠷᠢᠯᠡᠪᠡ᠃ ᠬᠤᠶᠠᠷ ᠲᠤ ︿︿ᠦᠨᠡᠮᠯᠡᠯ ᠠᠪᠬᠤ ᠥᠬᠡᠶ ᠪᠠᠷ ᠭᠦᠢᠴᠡᠳᠬᠡᠬᠦ﹀﹀ ᠠᠵᠢᠯ ᠰᠢᠨ᠎ᠡ | ᠬᠤᠷᠳᠤᠴᠠ ᠲᠠᠢ ᠪᠣᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︿︿ᠦᠨᠡᠮᠯᠡᠯ ᠠᠪᠬᠤ | ᠥᠬᠡᠶ ᠪᠠᠷ ᠭᠦᠢᠴᠡᠳᠬᠡᠬᠦ﹀﹀ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠨᠢᠭᠡᠨᠲᠡ 79 | ᠲᠥᠷᠥᠯ ᠤᠨ 58 ᠲᠦᠮᠡᠨ ᠴᠣᠬᠤᠯᠠᠪᠤᠷᠢ ᠪᠢᠴᠢᠭ᠂ ᠦᠨᠡᠮᠯᠡᠯ ᠵᠡᠷᠭᠡ ᠡᠯᠧᠺᠲᠷᠣᠨ ᠦᠨᠡᠮᠯᠡᠯ ᠢ ᠴᠤᠭᠯᠠᠭᠤᠯᠤᠨ᠂ | ᠣᠳᠣᠬᠠᠨ ᠳᠤ 1061 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︿︿ᠦᠨᠡᠮᠯᠡᠯ ᠠᠪᠬᠤ | ᠥᠬᠡᠶ ᠪᠠᠷ ᠭᠦᠢᠴᠡᠳᠬᠡᠬᠦ﹀﹀ ᠶᠢ ᠪᠡᠶᠡᠯᠡᠭᠦᠯᠵᠦ᠂ ᠨᠡᠶᠢᠲᠡ 209 ᠬᠤᠪᠢ ᠮᠠᠲ᠋ᠧᠷᠢᠶᠠᠯ ᠢ ᠬᠠᠰᠤᠵᠤ ᠬᠡᠯᠲᠦᠷᠢᠭᠦᠯᠪᠡ᠃ | ᠭᠤᠷᠪᠠ ᠳᠤ ︿︿ᠰᠠᠶᠢᠨ ᠮᠠᠭᠤ ᠶᠢᠨ ᠦᠨᠡᠯᠡᠯᠲᠡ﹀﹀ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿︿ | ᠬᠠᠨᠤᠮᠵᠢᠲᠠᠢ ᠦᠨᠡᠯᠡᠯᠲᠡ﹀﹀ ᠪᠣᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠮᠡᠷᠭᠡᠵᠢᠯ ᠤᠨ 10 ᠬᠤᠪᠢᠶᠠᠷᠢ ᠲᠢᠩᠬᠢᠮ᠂ 12 ᠰᠤᠮᠤ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ᠂ 49 ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠥᠷᠲᠡᠭᠡ᠂ 14 ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠴᠥᠮ ︿︿ᠰᠠᠶᠢᠨ ᠮᠠᠭᠤ ᠶᠢᠨ | ᠦᠨᠡᠯᠡᠯᠲᠡ﹀﹀ ᠶᠢᠨ ᠦᠨᠡᠯᠡᠯᠲᠡ ᠶᠢᠨ ᠰᠢᠰᠲ᠋ᠧᠮ ᠢ ᠤᠭᠰᠠᠷᠠᠪᠠ᠃ ᠣᠳᠣᠬᠠᠨ ᠪᠣᠯᠲᠠᠯ᠎ᠠ᠂ ᠭᠦᠢᠴᠡᠳᠬᠡᠭᠰᠡᠨ | ᠬᠡᠮᠵᠢᠶ᠎ᠡ ᠨᠢ 68265 ᠤᠳᠠᠭ᠎ᠠ ᠳᠤ ᠬᠦᠷᠴᠦ᠂ ᠬᠠᠨᠤᠮᠵᠢᠲᠠᠶ ᠪᠠᠶᠢᠬᠤ ᠨᠣᠷᠮ᠎ᠠ ᠨᠢ 100% ᠪᠣᠯᠤᠨ᠎ᠠ᠃ | ᠬᠤᠶᠠᠷ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠯᠲᠠ ᠶᠢ ᠦᠷᠭᠦᠯᠵᠢᠯᠡᠨ ᠰᠠᠶᠢᠵᠢᠷᠠᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿︿ᠵᠥᠭᠡᠯᠡᠨ | ᠪᠣᠳᠠᠲᠤ ᠬᠦᠴᠦᠨ﹀﹀ ᠢ ᠳᠡᠭᠡᠭᠰᠢᠯᠡᠭᠦᠯᠪᠡ᠃ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︿︿ᠵᠠᠶ ᠥᠬᠡᠶ﹀ | ﹀ ᠪᠠᠶᠢᠯᠭᠠᠨ᠎ᠠ᠃ ᠬᠠᠷᠢᠶ᠎ᠠ ᠣᠷᠣᠨ ᠵᠢᠴᠢ ᠡᠷᠭᠢᠨ ᠲᠣᠭᠤᠷᠢᠨ ᠤ ᠥᠷᠭᠡᠨ ᠣᠯᠠᠨ ᠲᠦᠮᠡᠨ ᠳᠤ ᠳᠥᠭᠦᠮ | ᠦᠵᠡᠭᠦᠯᠬᠦ ᠶᠢᠨ ᠲᠤᠰᠠᠳᠠ᠂ 12 ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠠ 84 ᠭᠠᠴᠠᠭ᠎ᠠ ᠨᠡᠶᠢᠭᠡᠮ ᠲᠣᠭᠤᠷᠢᠭ ᠤᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ 96 ᠬᠠᠪᠰᠤᠷᠤᠨ ᠭᠦᠢᠴᠡᠳᠬᠡᠬᠦ ᠪᠠ | ᠣᠷᠣᠯᠠᠨ ᠭᠦᠢᠴᠡᠳᠬᠡᠬᠦ ᠴᠣᠩᠬᠤ ᠪᠠᠶᠢᠭᠤᠯᠵᠤ᠂ 226 ᠬᠥᠮᠦᠨ ᠤ ᠬᠠᠪᠰᠤᠷᠤᠨ ᠭᠦᠢᠴᠡᠳᠬᠡᠬᠦ ᠪᠠ ᠣᠷᠣᠯᠠᠨ | ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ | ᠵᠡᠷᠭᠡ ᠦᠢᠯᠡᠴᠢᠯᠡᠭᠡ ᠬᠠᠩᠭᠠᠪᠠ᠃ ᠬᠤᠶᠠᠷ ᠲᠤ ︿︿ᠣᠶᠢᠷ᠎ᠠ ᠬᠠᠪᠢ ᠳᠤᠨᠢ ᠭᠦᠢᠴᠡᠳᠬᠡᠬᠦ﹀﹀ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠨ᠎ᠡ᠃ ᠣᠯᠠᠨ ᠲᠦᠮᠡᠨ ᠤ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ | ᠲᠥᠯᠥᠭᠡ᠂ ᠢᠯᠠᠩᠭᠤᠶ᠎ᠠ ᠨᠠᠰᠤᠲᠠᠶᠢᠴᠤᠳ᠂ ᠵᠡᠮᠳᠡᠭᠴᠦᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠡᠷᠦᠬᠡ ᠵᠡᠷᠭᠡ ᠣᠨᠴᠠᠭᠠᠶ ᠬᠥᠮᠦᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠴᠢᠬᠤ ᠴᠢᠬᠤᠯᠠ ᠥᠬᠡᠶ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ 9 ᠵᠦᠢᠯ ᠤᠨ ᠲᠤᠬᠠᠶᠢᠯᠠᠭᠰᠠᠨ ᠠᠵᠢᠯ᠂ | ᠪᠠᠩᠬᠢ ᠶᠢᠨ 18 ᠵᠦᠢᠯ᠂ ᠡᠮ ᠡᠮᠨᠡᠯᠭᠡ ᠶᠢᠨ ᠪᠠᠶᠢᠭᠤᠯᠤᠮᠵᠢ ᠶᠢᠨ 18 ᠵᠦᠢᠯ᠂ ᠵᠢᠷᠭᠤᠭᠠᠨ ᠪᠠᠷᠢᠮᠵᠢᠶᠠᠵᠢᠭᠰᠠᠨ | ᠦᠢᠯᠡᠴᠢᠯᠡᠭᠡᠨ ᠤ ᠥᠷᠲᠡᠭᠡ ᠶᠢᠨ 26 ᠵᠦᠢᠯ ᠤᠨ ᠲᠤᠬᠠᠶᠢᠯᠠᠭᠰᠠᠨ ᠠᠵᠢᠯ ᠤᠨ ᠵᠦᠢᠯᠡᠰ ᠢ ᠰᠢᠷᠠᠳᠠᠯ᠎ᠠ ᠵᠡᠭᠡᠯᠢ | ᠭᠤᠳᠤᠮᠵᠢ ᠶᠢᠨ ᠴᠠᠬᠠᠷ ᠨᠡᠶᠢᠭᠡᠮ ᠲᠣᠭᠤᠷᠢᠭ᠂ ᠴᠢᠭᠤᠯᠭᠠᠨ ᠵᠡᠭᠡᠯᠢ ᠭᠤᠳᠤᠮᠵᠢ ᠶᠢᠨ ᠠᠶ ᠮᠢᠨ ᠨᠡᠶᠢᠭᠡᠮ ᠲᠣᠭᠤᠷᠢᠭ᠂ | ᠪᠤᠯᠠᠭᠠᠨ ᠵᠡᠭᠡᠯᠢ ᠭᠤᠳᠤᠮᠵᠢ ᠶᠢᠨ ᠡᠷᠳᠡᠨᠢ ᠨᠡᠶᠢᠭᠡᠮ ᠲᠣᠭᠤᠷᠢᠭ ᠵᠡᠷᠭᠡ 105 ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ ᠴᠡᠭ ᠲᠤ ᠪᠠᠭᠤᠯᠭᠠᠪᠠ᠃ ᠭᠤᠷᠪᠠ ᠳᠤ ︿︿ᠴᠠᠭ ᠤᠷᠲᠤᠳᠬᠠᠨ ᠦᠢᠯᠡᠴᠢᠯᠡᠬᠦ﹀﹀ ᠨᠢ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠯᠳᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠴᠠᠭ | ᠤᠷᠲᠤᠳᠬᠠᠬᠤ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ ᠵᠠᠰᠠᠭ ᠤᠨ | ᠶᠠᠪᠤᠳᠠᠯ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠬᠤᠪᠢᠶᠠᠷᠢ ᠲᠢᠩᠬᠢᠮ ᠵᠢᠴᠢ ᠰᠤᠮᠤ | ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ᠲᠣᠳᠣᠷᠬᠠᠶ ᠬᠠᠭᠤᠳᠠᠰᠤ ᠶᠢ | 1550 ᠶᠢ ᠨᠡᠶᠢᠲᠡᠯᠡᠵᠦ᠂ ᠵᠢᠵᠢᠭᠦᠷᠯᠡᠬᠦ᠂ ᠪᠣᠯᠵᠣᠬᠤ ᠬᠤᠶᠠᠷ ᠵᠦᠢᠯ ᠤᠨ ᠬᠡᠯᠪᠡᠷᠢ ᠪᠠᠷ ᠴᠠᠭ ᠤᠷᠲᠤᠳᠬᠠᠵᠤ | ᠦᠢᠯᠡᠴᠢᠯᠡᠭᠡ ᠬᠠᠩᠭᠠᠪᠠ᠃ | ᠭᠤᠷᠪᠠ ᠵᠣᠷᠢᠭᠲᠠᠶ ᠪᠠᠷ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠪᠡ᠃ ᠨᠢᠭᠡ ᠳᠤ ︿︿ᠠᠷᠠᠳ ᠲᠤ ᠳᠦᠬᠦᠮ ᠦᠵᠡᠭᠦᠯᠬᠦ﹀﹀ ᠪᠠᠷ ᠵᠣᠷᠢᠯᠲᠠ ᠪᠣᠯᠭᠠᠵᠤ᠂ | ᠰᠢᠷᠠᠳᠠᠯ᠎ᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠴᠠᠬᠠᠷ ᠨᠡᠶᠢᠭᠡᠮ ᠲᠣᠭᠤᠷᠢᠭ ᠤᠨ ᠠᠷᠠᠳ ᠲᠤ ᠳᠦᠬᠦᠮ | ᠦᠵᠡᠭᠦᠯᠬᠦ ᠦᠢᠯᠡᠴᠢᠯᠡᠭᠡᠨ ᠤ ᠲᠥᠪ ᠲᠤ ᠪᠦᠬᠦ ᠠᠶᠢᠮᠠᠭ ᠤᠨ ᠠᠩᠬᠠᠳᠠᠭᠴᠢ ᠮᠠᠰᠢᠨ ᠲᠡᠷᠭᠡ ᠵᠢᠯᠣᠭᠤᠳᠬᠤ ᠲᠤᠬᠠᠢ | ᠲᠤᠬᠠᠶᠢᠯᠠᠭᠰᠠᠨ ᠠᠵᠢᠯ ᠲᠥᠷᠥᠯ ᠤᠨ ᠦᠢᠯᠡᠴᠢᠯᠡᠭᠡᠨ ᠤ ᠴᠣᠩᠬᠤ ᠪᠠ ︿︿ᠵᠢᠯᠣᠭᠤᠴᠢ ᠶᠢᠨ ᠪᠡᠶ᠎ᠡ ᠪᠠᠶᠢᠴᠠᠭᠠᠬᠤ | ᠠᠦ᠋ᠲ᠋ᠣ᠋ ᠮᠠᠰᠢᠨ﹀﹀ ᠢ ᠪᠠᠶᠢᠭᠤᠯᠵᠤ᠂ ᠤᠯᠠᠨ ᠲᠦᠮᠡᠨ ᠤᠢᠢᠷ᠎ᠠ ᠬᠠᠪᠢ ᠳᠠᠭᠠᠨ ᠮᠠᠰᠢᠨ ᠲᠡᠷᠭᠡ ᠵᠢᠯᠣᠭᠤᠳᠬᠤ | ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠬᠤᠶᠠᠷ ᠲᠤ ︿︿ᠥᠨᠳᠥᠷ ᠪᠦᠲᠦᠮᠵᠢᠲᠡᠶ ᠪᠥᠭᠡᠳ ᠳᠥᠭᠦᠮ | ᠳᠥᠲᠡ﹀﹀ ᠪᠠᠷ ᠦᠨᠳᠦᠰᠦ ᠪᠣᠯᠭᠠᠵᠤ᠂ ᠰᠢᠯᠢ ᠶᠢᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠲᠠᠢ | ︿︿ᠵᠠᠰᠠᠭ ᠪᠠᠩᠬᠢ ᠬᠤᠷᠰᠢᠯᠴᠠᠬᠤ﹀﹀᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠬᠤᠲᠠ ᠶᠢᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠪᠠ ᠬᠤᠪᠢᠷᠠᠭᠤᠯᠬᠤ ᠳᠡᠩᠰᠡᠯᠡᠯᠲᠡ᠂ ᠠᠵᠢᠯ ᠠᠯᠳᠠᠭᠰᠠᠨ ᠳᠡᠩᠰᠡᠯᠡᠯᠲᠡ᠂ ᠺᠣᠮᠫᠠᠨᠢ ︵ᠳᠣᠲᠣᠭᠠᠳᠤ ᠪᠠᠯᠠ︶ | ᠪᠠᠶᠢᠭᠤᠯᠤᠭᠰᠠᠨ ᠳᠡᠩᠰᠡᠯᠡᠯᠲᠡ ᠵᠡᠷᠭᠡ 43 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠠᠩᠬᠢ ᠶᠢᠨ ᠲᠤᠤᠷ ᠴᠡᠭ ᠲᠤ ᠭᠦᠢᠴᠡᠳᠬᠡᠵᠦ ᠪᠣᠯᠤᠨ᠎ᠠ᠃ ᠡᠭᠦᠨ ᠤ ᠬᠠᠮᠲᠤ᠂ | ᠪᠠᠩᠬᠢ ᠲᠠᠢ ᠵᠣᠬᠢᠴᠠᠯᠳᠤᠨ 2 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠭᠦᠳᠡᠯ ᠲᠡᠷᠭᠡ ᠲᠣᠬᠢᠷᠠᠭᠤᠯᠵᠤ᠂ | ᠮᠠᠯᠴᠢᠳ ᠲᠤ ᠬᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠪᠣᠯᠭᠠᠪᠠ᠃ ᠭᠤᠷᠪᠠ ᠳᠤ ︿︿ᠥᠨᠳᠥᠷ | ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠬᠤ﹀﹀ ᠪᠠᠷ ᠭᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | 13 ︿︿ᠨᠢᠭᠡ ᠤᠴᠢᠷ ᠢ ᠥᠨᠳᠥᠷ ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠬᠤ﹀﹀ ᠦᠢᠯᠡᠴᠢᠯᠡᠭᠡᠨ ᠤ ᠢᠵᠢ | ᠦᠢᠯᠡᠴᠢᠯᠡᠭᠡ ᠶᠢ ᠢᠳᠡᠪᠬᠢᠲᠡᠶ ᠵᠠᠯᠭᠠᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ | ᠪᠡᠶᠡᠯᠡᠭᠦᠯᠦᠭᠰᠡᠨ 107 ᠵᠦᠢᠯᠡᠰ ᠤᠨ ᠳᠣᠲᠣᠷᠠᠬᠢ ᠮᠠᠨ ᠤ ᠬᠤᠲᠠ ᠳᠤ ᠬᠤᠯᠪᠣᠭᠳᠠᠭᠰᠠᠨ 102 ᠵᠦᠢᠯᠡᠰ ᠢ | ᠲᠠᠨᠢᠵᠤ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠠᠵᠢᠯ ᠢ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠬᠠᠷᠠᠭᠠᠰᠤ ᠠᠴᠠ ᠡᠭᠦᠰᠴᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠤᠪᠤᠷᠠᠯ ᠤᠨ ᠲᠦᠭᠵᠢᠷᠡᠯ ᠪᠠ | ᠬᠦᠴᠢᠷᠳᠡᠯ ᠢ ᠭᠦᠨᠵᠡᠭᠡᠶ ᠵᠠᠳᠠᠯᠤᠨ ᠰᠢᠨᠵᠢᠯᠡᠵᠦ᠂ ᠵᠦᠢᠯ ᠳᠠᠷᠠᠭᠠᠯᠠᠨ ᠰᠤᠳᠤᠯᠵᠤ᠂ ᠲᠥᠪᠯᠡᠷᠡᠭᠦᠯᠦᠨ ᠰᠢᠪᠲᠤᠯᠤᠯᠲᠠ | ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠠᠮᠢᠳᠤᠷᠠᠯ ᠳᠤ | ᠲᠥᠬᠦᠮ ᠦᠵᠡᠭᠦᠯᠪᠡ᠃ | |