ᠭᠡᠷ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠤᠷᠤᠭᠤᠯᠵᠦ ᠵᠣᠯ ᠵᠢᠷᠭᠠᠯᠲᠤ ᠠᠮᠢᠳᠤᠷᠠᠯ ᠢ ᠳᠡᠰ ᠳᠡᠪᠰᠢᠬᠦᠯᠪᠡ
ᠨᠡᠶᠢᠲᠡᠯᠡᠭᠰᠡᠨ ᠴᠠᠭ᠄
2024/9/5
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠨ ᠮᠦ ᠶᠧ ᠳᠠᠳᠤᠯᠭ᠎ᠠ ᠶᠢᠨ ᠰᠤᠷᠪᠤᠯᠵᠢᠯᠠᠭᠴᠢ ᠪᠠᠢ ᠲᠢᠶᠠᠨ ᠢᠦᠢ︶ ᠨᠡᠶᠢᠭᠡᠮ ᠲᠣᠭᠤᠷᠢᠭ ᠤᠨ ᠦᠢᠯᠡᠴᠢᠯᠡᠭᠡ ᠶᠢᠨ ᠰᠢᠨ᠎ᠡ ᠶᠢ ᠡᠬᠦᠳᠬᠦ ᠪᠠ ᠬᠥᠭᠵᠢᠯᠲᠡ ᠶᠢ ᠠᠬᠢᠭᠤᠯᠵᠦ᠂ ᠨᠡᠶᠢᠭᠡᠮ ᠲᠣᠭᠤᠷᠢᠭ ᠤᠨ ᠭᠡᠷ ᠠᠬᠤᠢ ᠶᠢᠨ ᠦᠢᠯᠡᠴᠢᠯᠡᠭᠡ ᠶᠢᠨ ︽ᠡᠴᠦᠰ ᠤᠨ ᠨᠢᠭᠡ ᠺᠢᠯᠤᠮᠧᠲᠷ︾  ᠢ ᠨᠠᠪᠲᠠᠷᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠰᠢᠯᠢ ᠶᠢᠨ ᠬᠤᠲᠠ ᠶᠢᠨ ᠡᠷᠳᠡᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ᠎ᠡ ᠠᠶᠢᠯ ᠨᠡᠶᠢᠭᠡᠮ ᠲᠣᠭᠤᠷᠢᠭ ᠨᠢ ᠰᠢᠯᠢ ᠶᠢᠨ ᠭᠤᠣᠯ ᠠᠶᠢᠮᠠᠭ ᠤᠨ ᠱᠤᠸᠠᠩ ᠸᠧᠢ ᠭᠡᠷ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠭᠡᠷ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠬᠦᠨᠵᠡᠬᠡᠶᠢᠷᠡᠬᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠯᠪᠡᠭ ᠪᠠᠶᠠᠯᠢᠭ ᠲᠦᠷᠦᠯ ᠵᠦᠢᠯ ᠪᠦᠬᠦᠢ ᠭᠡᠷ ᠠᠬᠤᠢ ᠶᠢᠨ ᠦᠢᠯᠡᠴᠢᠯᠡᠭᠡ ᠶᠢ ᠬᠠᠩᠭᠠᠬᠤ ᠪᠤᠯᠵᠠᠢ᠃      ᠣᠶᠢᠯᠠᠭᠠᠭᠰᠠᠨ ᠢᠶᠠᠷ᠂ ᠲᠣᠰ ᠺᠣᠮᠫᠠᠨᠢ ᠨᠢ ᠰᠢᠨ᠎ᠡ ᠠᠶᠢᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠬᠠᠪᠰᠤᠷᠤᠯᠭ᠎ᠠ᠂ ᠮᠡᠳᠡᠯᠭᠡ ᠶᠢᠨ ᠲᠠᠶᠢᠯᠤᠮᠵᠢ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠰᠦᠢᠳᠭᠡᠯ ᠬᠤᠷᠢᠶᠠᠬᠤ ᠦᠬᠡᠢ ᠪᠠᠷ ᠦᠰᠦ ᠵᠠᠰᠠᠬᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠪᠦᠯᠢ ᠪᠠᠷ ᠢᠶᠠᠨ ᠭᠡᠷ ᠤᠨ ᠠᠵᠢᠯ ᠳᠤ ᠤᠷᠤᠯᠴᠠᠬᠤ ᠤᠷᠤᠯᠳᠤᠭᠠᠨ ᠵᠡᠷᠭᠡ ᠲᠤᠷ᠎ᠠ ᠰᠣᠨᠢᠷᠬᠠᠯᠲᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ ᠪᠠᠶᠢᠨ᠎ᠠ᠃ ᠡᠭᠦᠨ ᠤ ᠬᠠᠮᠲᠤ᠂ ᠲᠤᠰ ᠺᠣᠮᠫᠠᠨᠢ ᠪᠠᠰᠠ ᠲᠤᠰᠬᠠᠢ ᠮᠡᠷᠭᠡᠵᠢᠯ ᠤᠨ ᠠᠵᠢᠯᠲᠠᠨ ᠢ ᠲᠣᠬᠢᠷᠠᠭᠤᠯᠵᠤ᠂ ᠠᠷᠢᠭᠤᠨ ᠴᠡᠪᠡᠷ ᠢ ᠬᠠᠮᠠᠭᠠᠯᠠᠬᠤ᠂ ᠬᠡᠦᠬᠡᠳ ᠪᠤᠶᠢᠵᠢᠭᠤᠯᠬᠤ᠂ ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠬᠤᠪᠴᠠᠰᠤ ᠬᠤᠨᠠᠷ ᠤᠬᠢᠶᠠᠬᠤ ᠵᠡᠷᠭᠡ ᠡᠳᠦᠷ ᠲᠤᠲᠤᠮ ᠤᠨ ᠭᠡᠷ ᠤᠨ ᠠᠵᠢᠯ ᠪᠠ ᠡᠮᠬᠢᠯᠡᠨ ᠬᠤᠷᠢᠶᠠᠬᠤ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠤᠶᠢᠵᠢᠭᠤᠯᠬᠤ᠂ ᠨᠠᠰᠤᠲᠠᠶᠢᠴᠤᠳ ᠢ ᠠᠰᠠᠷᠠᠨ ᠰᠤᠪᠢᠯᠠᠬᠤ ᠵᠡᠷᠭᠡ ᠭᠡᠷ ᠡᠬᠤᠢ ᠶᠢᠨ ᠬᠠᠮᠢᠶ᠎ᠠ ᠪᠦᠬᠦᠢ ᠮᠡᠳᠡᠯᠭᠡ ᠶᠢᠨ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠬᠠᠷᠢᠶ᠎ᠠ ᠣᠷᠣᠨ ᠤ ᠥᠨᠳᠥᠷ ᠨᠠᠰᠤᠲᠠᠢ ᠨᠠᠰᠤᠲᠠᠨ᠂ ᠦᠷ᠎ᠡ ᠭᠡᠥᠬᠡᠳ ᠨᠢ ᠲᠡᠷᠭᠡᠳᠡ ᠨᠢ ᠪᠠᠶᠢᠬᠤ ᠦᠬᠡᠢ ᠨᠠᠰᠤᠲᠠᠶᠢᠴᠤᠳ ᠲᠤ ᠠᠮᠢᠳᠤᠷᠠᠯ ᠢ ᠨᠢ ᠬᠠᠷᠠᠭᠠᠯᠵᠠᠬᠤ᠂ ᠪᠠᠷ᠎ᠠ ᠪᠣᠯᠵᠤ ᠡᠮᠨᠡᠭᠦᠯᠬᠦ᠂ ᠠᠷᠢᠭᠤᠨ ᠴᠡᠪᠡᠷ ᠢ ᠬᠠᠮᠠᠭᠠᠯᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠭᠡᠷ ᠲᠦᠨᠢ ᠬᠦᠷᠴᠦ ᠦᠰᠦ ᠶᠢ ᠨᠢ ᠵᠠᠰᠠᠬᠤ ᠦᠢᠯᠡᠴᠢᠯᠡᠭᠡ ᠬᠠᠩᠭᠠᠵᠦ ᠪᠠᠶᠢᠨ᠎ᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ︽ᠪᠢᠴᠢᠯ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ᠂ ᠠᠵᠢᠯ ᠣᠯᠭᠤᠯᠲᠠ ᠶᠢ ᠠᠬᠢᠭᠤᠯᠬᠤ ᠪᠣᠯᠪᠠᠰᠤᠷᠠᠯ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠵᠢᠯ ᠤᠯᠬᠤ ᠲᠣᠬᠢᠶᠠᠯ ᠣᠯᠭᠤᠵᠤ᠂ ᠲᠡᠳᠡᠨ ᠤ ︽ᠭᠡᠷ ᠤᠨ ᠡᠭᠦᠳᠡᠨ ᠳᠡᠭᠡᠨ ᠠᠵᠢᠯ ᠣᠯᠬᠤ︾  ᠶᠢ ᠪᠡᠶᠡᠯᠡᠭᠦᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号