ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠯᠢ ᠶᠠᠩ︶ 8 ᠰᠠᠷ᠎ᠠ ᠶᠢᠨ 30 ᠤ ᠡᠳᠦᠷ᠂ ᠤᠯᠤᠰ ᠤᠨ ᠵᠠᠮ ᠤᠨ | 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ | ᠴᠣᠭᠴᠠ ᠶᠢ ᠨᠡᠪᠲᠡᠷᠡᠬᠦᠯᠬᠦ ᠶᠤᠰᠤᠯᠠᠯ ᠶᠠᠪᠤᠭᠳᠠᠪᠠ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠸᠧᠨ ᠽᠥᠩ ᠶᠣᠰᠣᠯᠠᠯ ᠳᠤ | ᠣᠷᠣᠯᠴᠠᠪᠠ᠃ | ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠬᠡᠰᠡᠭ ᠤᠨ ᠵᠠᠰᠠᠮᠠᠯ | ᠵᠠᠮ ᠪᠣᠯ ᠤᠯᠤᠰ ᠤᠨ ᠵᠠᠮ ᠤᠨ 207 ᠱᠤᠭᠤᠮ ᠤᠨ ᠤᠯᠠᠭᠠᠨᠬᠤᠲᠠ ᠠᠴᠠ ᠬᠠᠢ ᠠᠨ ᠬᠦᠷᠬᠦ ᠵᠠᠰᠠᠮᠠᠯ ᠵᠠᠮ ᠤᠨ ᠴᠢᠬᠤᠯᠠ | ᠬᠡᠰᠡᠭ ᠪᠣᠯᠬᠤ ᠪᠥᠭᠡᠳ ᠮᠦᠨ ᠴᠤ ᠮᠠᠨ ᠤ ᠠᠶᠢᠮᠠᠭ ᠤᠨ ︽ᠲᠠᠪᠤᠨ ᠬᠥᠨᠳᠡᠯᠡᠨ ᠲᠠᠪᠤᠨ ᠭᠤᠯᠳᠤ︾ ᠵᠠᠰᠠᠮᠠᠯ ᠵᠠᠮ ᠤᠨ | ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠯᠤᠰ ᠤᠨ ᠵᠠᠮ ᠤᠨ 207 ᠱᠤᠭᠤᠮ ᠤᠨ ᠤᠰᠤᠨ | ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠬᠦ ᠨᠢ ᠤᠯᠤᠰ ᠤᠨ ᠵᠠᠮ ᠤᠨ | 207 ᠱᠤᠭᠤᠮ ᠤᠨ ᠰᠢᠯᠢ ᠶᠢᠨ ᠬᠤᠲᠠ ᠪᠠᠷ ᠥᠩᠭᠡᠷᠡᠬᠦ ᠭᠠᠵᠠᠷ ᠣᠷᠣᠨ ᠲᠠᠢ ᠲᠦᠷᠭᠡᠨ ᠬᠤᠯᠪᠣᠬᠤ ᠶᠢ ᠪᠡᠶᠡᠯᠡᠭᠦᠯᠵᠦ᠂ | ᠰᠢᠯᠢ ᠶᠢᠨ ᠬᠤᠲᠠ ᠶᠢᠨ 63.4 ᠺᠢᠯᠤᠮᠧᠲᠷ ᠤᠨ ᠭᠠᠳᠠᠷ ᠲᠣᠭᠤᠷᠢᠯ ᠵᠠᠮ ᠲᠠᠢ ᠨᠠᠪᠲᠠᠷᠡᠭᠦᠯᠵᠦ᠂ ᠰᠢᠯᠢ ᠶᠢᠨ ᠬᠤᠲᠠ ᠶᠢᠨ | ᠭᠠᠳᠠᠷ ᠲᠣᠭᠤᠷᠢᠯ ᠵᠠᠮ ᠵᠢᠴᠢ 4 ᠵᠤᠷᠪᠤᠰ ᠤᠯᠤᠰ ᠤᠨ ᠵᠠᠮ ᠤᠨ ᠭᠤᠣᠯ ᠱᠤᠭᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠬᠦ᠂ ᠰᠢᠯᠢ ᠶᠢᠨ ᠬᠤᠲᠠ ᠪᠠᠷ ᠥᠩᠭᠡᠷᠡᠬᠦ ᠵᠠᠮ ᠬᠠᠷᠢᠯᠴᠠᠭ᠎ᠠ ᠢᠯᠠᠩᠭᠤᠶ᠎ᠠ ᠬᠦᠨᠳᠦ ᠠᠴᠢᠶᠠᠨ ᠤ ᠮᠠᠰᠢᠨ | ᠲᠡᠷᠭᠡ ᠨᠡᠪᠲᠡᠷᠡᠬᠦ ᠳᠠᠷᠤᠯᠲᠠ ᠶᠢ ᠪᠠᠭᠠᠰᠬᠠᠵᠦ᠂ ᠣᠷᠣᠨ ᠪᠦᠰᠡ ᠶᠢᠨ ᠵᠠᠰᠠᠮᠠᠯ ᠵᠠᠮ ᠤᠨ ᠴᠢᠳᠠᠪᠤᠷᠢ ᠪᠠ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠵᠠᠰᠠᠮᠠᠯ ᠵᠠᠮ ᠤᠨ | ᠲᠥᠷᠥᠯ ᠵᠦᠢᠯ ᠤᠨ ᠪᠥᠬᠦ ᠣᠷᠳᠣ ᠨᠢ 5.7 ᠺᠢᠯᠤᠮᠧᠲᠷ ᠪᠠᠶᠢᠵᠤ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ | ᠪᠦᠲᠦᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ ᠴᠠᠭ ᠪᠦᠷᠢ 100 ᠺᠢᠯᠤᠮᠧᠲᠷ ᠪᠠᠶᠢᠵᠤ᠂ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ 7 ᠰᠠᠷ᠎ᠠ ᠠᠴᠠ | ᠪᠠᠷᠢᠯᠭ᠎ᠠ ᠶᠢᠨ ᠠᠵᠢᠯ ᠢᠶᠠᠨ ᠡᠬᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠲᠥᠬᠦᠭᠡᠷᠦᠮᠵᠢ ᠪᠠ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠶᠢᠨ ᠠᠵᠢᠯ ᠢ ᠦᠷᠭᠦᠯᠵᠢᠯᠡᠨ ᠭᠤᠣᠯᠳᠠᠯᠭ᠎ᠠ ᠲᠠᠢ ᠠᠬᠢᠭᠤᠯᠵᠤ᠂ 9 | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠲᠠᠭᠤᠰᠬᠠᠵᠦ ᠰᠢᠯᠭᠠᠨ ᠬᠤᠷᠢᠶᠠᠬᠤ ᠶᠢᠨ ᠬᠠᠮᠲᠤ ᠲᠡᠷᠭᠡ ᠨᠠᠪᠲᠠᠷᠡᠭᠦᠯᠵᠦ | ᠲᠤᠷᠰᠢᠨ ᠠᠵᠢᠯᠯᠠᠭᠤᠯᠬᠤ ᠪᠤᠯᠤᠨ᠎ᠠ᠃ | |