ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠴᠣᠭᠴᠠ ᠨᠡᠪᠲᠡᠷᠡᠪᠡ
ᠨᠡᠶᠢᠲᠡᠯᠡᠭᠰᠡᠨ ᠴᠠᠭ᠄
2024/9/6
     ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠯᠢ ᠶᠠᠩ︶ 8 ᠰᠠᠷ᠎ᠠ ᠶᠢᠨ 30 ᠤ ᠡᠳᠦᠷ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠴᠣᠭᠴᠠ ᠶᠢ ᠨᠡᠪᠲᠡᠷᠡᠬᠦᠯᠬᠦ ᠶᠤᠰᠤᠯᠠᠯ ᠶᠠᠪᠤᠭᠳᠠᠪᠠ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠ‌‍ᠸᠧᠨ ᠽᠥᠩ ᠶᠣᠰᠣᠯᠠᠯ ᠳᠤ ᠣᠷᠣᠯᠴᠠᠪᠠ᠃      ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠬᠡᠰᠡᠭ ᠤᠨ ᠵᠠᠰᠠᠮᠠᠯ ᠵᠠᠮ ᠪᠣᠯ ᠤᠯᠤᠰ ᠤᠨ ᠵᠠᠮ ᠤᠨ 207 ᠱᠤᠭᠤᠮ ᠤᠨ ᠤᠯᠠᠭᠠᠨᠬᠤᠲᠠ ᠠᠴᠠ ᠬᠠᠢ ᠠᠨ ᠬᠦᠷᠬᠦ ᠵᠠᠰᠠᠮᠠᠯ ᠵᠠᠮ ᠤᠨ ᠴᠢᠬᠤᠯᠠ ᠬᠡᠰᠡᠭ ᠪᠣᠯᠬᠤ ᠪᠥᠭᠡᠳ ᠮᠦᠨ ᠴᠤ ᠮᠠᠨ ᠤ ᠠᠶᠢᠮᠠᠭ ᠤᠨ ︽ᠲᠠᠪᠤᠨ ᠬᠥᠨᠳᠡᠯᠡᠨ ᠲᠠᠪᠤᠨ ᠭᠤᠯᠳᠤ︾ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠬᠦ ᠨᠢ ᠤᠯᠤᠰ ᠤᠨ ᠵᠠᠮ ᠤᠨ 207 ᠱᠤᠭᠤᠮ ᠤᠨ ᠰᠢᠯᠢ ᠶᠢᠨ ᠬᠤᠲᠠ ᠪᠠᠷ ᠥᠩᠭᠡᠷᠡᠬᠦ ᠭᠠᠵᠠᠷ ᠣᠷᠣᠨ ᠲᠠᠢ ᠲᠦᠷᠭᠡᠨ ᠬᠤᠯᠪᠣᠬᠤ ᠶᠢ ᠪᠡᠶᠡᠯᠡᠭᠦᠯᠵᠦ᠂ ᠰᠢᠯᠢ ᠶᠢᠨ ᠬᠤᠲᠠ ᠶᠢᠨ 63.4  ᠺᠢᠯᠤᠮᠧᠲᠷ ᠤᠨ ᠭᠠᠳᠠᠷ ᠲᠣᠭᠤᠷᠢᠯ ᠵᠠᠮ ᠲᠠᠢ ᠨᠠᠪᠲᠠᠷᠡᠭᠦᠯᠵᠦ᠂ ᠰᠢᠯᠢ ᠶᠢᠨ ᠬᠤᠲᠠ ᠶᠢᠨ ᠭᠠᠳᠠᠷ ᠲᠣᠭᠤᠷᠢᠯ ᠵᠠᠮ ᠵᠢᠴᠢ 4 ᠵᠤᠷᠪᠤᠰ ᠤᠯᠤᠰ ᠤᠨ ᠵᠠᠮ ᠤᠨ ᠭᠤᠣᠯ ᠱᠤᠭᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ᠂ ᠰᠢᠯᠢ ᠶᠢᠨ ᠬᠤᠲᠠ ᠪᠠᠷ ᠥᠩᠭᠡᠷᠡᠬᠦ ᠵᠠᠮ ᠬᠠᠷᠢᠯᠴᠠᠭ᠎ᠠ ᠢᠯᠠᠩᠭᠤᠶ᠎ᠠ ᠬᠦᠨᠳᠦ ᠠᠴᠢᠶᠠᠨ ᠤ ᠮᠠᠰᠢᠨ ᠲᠡᠷᠭᠡ ᠨᠡᠪᠲᠡᠷᠡᠬᠦ ᠳᠠᠷᠤᠯᠲᠠ ᠶᠢ ᠪᠠᠭᠠᠰᠬᠠᠵᠦ᠂ ᠣᠷᠣᠨ ᠪᠦᠰᠡ ᠶᠢᠨ ᠵᠠᠰᠠᠮᠠᠯ ᠵᠠᠮ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠡᠮᠡᠭᠡᠯ ᠲᠠᠪᠠᠭ᠎ᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠪᠥᠬᠦ ᠣᠷᠳᠣ ᠨᠢ 5.7 ᠺᠢᠯᠤᠮᠧᠲᠷ ᠪᠠᠶᠢᠵᠤ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ ᠴᠠᠭ ᠪᠦᠷᠢ 100  ᠺᠢᠯᠤᠮᠧᠲᠷ ᠪᠠᠶᠢᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ 7 ᠰᠠᠷ᠎ᠠ ᠠᠴᠠ ᠪᠠᠷᠢᠯᠭ᠎ᠠ ᠶᠢᠨ ᠠᠵᠢᠯ ᠢᠶᠠᠨ ᠡᠬᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠪᠠ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠶᠢᠨ ᠠᠵᠢᠯ ᠢ ᠦᠷᠭᠦᠯᠵᠢᠯᠡᠨ ᠭᠤᠣᠯᠳᠠᠯᠭ᠎ᠠ ᠲᠠᠢ ᠠᠬᠢᠭᠤᠯᠵᠤ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠲᠠᠭᠤᠰᠬᠠᠵᠦ ᠰᠢᠯᠭᠠᠨ ᠬᠤᠷᠢᠶᠠᠬᠤ ᠶᠢᠨ ᠬᠠᠮᠲᠤ ᠲᠡᠷᠭᠡ ᠨᠠᠪᠲᠠᠷᠡᠭᠦᠯᠵᠦ ᠲᠤᠷᠰᠢᠨ ᠠᠵᠢᠯᠯᠠᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号