ᠮᠠᠨ ᠤ ᠠᠶᠢᠮᠠᠭ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠲᠠᠢ ᠬᠠᠮᠵᠢᠯᠴᠠᠭ᠎ᠠ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2024/9/8
     ᠲᠤᠰ ᠰᠤᠨᠢᠨ ᠤ ᠮᠡᠲᠡᠭᠡ ︵ᠰᠤᠷᠪᠤᠯᠵᠢᠯᠠᠬᠴᠢ ᠰᠥᠨ ᠮᠥ ᠶᠧ︶ 8 ᠰᠠᠷ᠎ᠠ ᠶᠢᠨ 29 ᠤ ᠡᠲᠥᠷ᠂ ᠮᠠᠨ ᠤ ᠠᠶᠢᠮᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠶᠢᠨ ᠬᠢᠨ ᠲᠠᠢ ᠶᠠᠷᠢᠯᠴᠠᠬᠤ ᠬᠤᠷᠠᠯ ᠬᠤᠷᠠᠯᠲᠤᠭᠤᠯᠵᠥ᠂ ᠮᠠᠨ ᠤ ᠠᠶᠢᠮᠠᠭ ᠪᠠ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠯᠤᠭ᠎ᠠ ᠶᠢᠨ ᠬᠠᠮᠵᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠬᠤ᠂ ᠮᠠᠨ ᠤ ᠠᠶᠢᠮᠠᠭ ᠤᠨ ᠰᠤᠯᠠ ᠪᠠᠶᠢᠭ᠎ᠠ ᠤᠯᠤᠰ ᠤᠨ ᠥᠮᠴᠢᠯᠡᠯᠲᠤ ᠡᠳ᠋ ᠬᠥᠷᠥᠩᠭᠡ ᠶᠢ ᠪᠦᠲᠦᠮᠵᠢᠲᠠᠢ ᠠᠰᠢᠭᠯᠠᠬᠤ᠂ ᠵᠠᠰᠠᠭ ᠤᠨ ᠤᠷᠲᠤᠨ ᠤ ᠥᠷᠢ ᠥᠭᠴᠡᠭᠡ ᠶᠢ ᠰᠶᠢᠳᠪᠦᠷᠢᠯᠡᠬᠦ ᠵᠡᠷᠭᠡ ᠠᠰᠠᠭᠤᠲᠠᠯ ᠤᠨ ᠲᠠᠯ᠎ᠠ ᠪᠠᠷ ᠬᠥᠨᠵᠡᠭᠡᠢ ᠶᠠᠷᠢᠯᠴᠠᠭ᠎ᠠ ᠦᠷᠨᠢᠬᠦᠯᠵᠠᠢ᠃      ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠡᠭᠭᠤ ᠶᠢᠨ ᠲᠡᠳ᠋ ᠲᠠᠷᠤᠭ᠎ᠠ ᠵᠠᠩ ᠢ ᠶᠠᠷᠢᠯᠴᠠᠬᠤ ᠬᠤᠷᠠᠯ ᠳᠤ ᠤᠷᠤᠯᠴᠠᠪᠠ᠃      ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠲᠡᠳ᠋ ᠱᠥᠵᠢ᠂ ᠶᠡᠷᠥᠩᠭᠡᠢ ᠲᠠᠭᠠᠭᠠᠮᠠᠯ ᠵᠠᠩ ᠶᠢᠨ ᠯᠢᠶᠠᠩ ᠺᠤᠮᠫᠠᠨᠢ ᠶᠢᠨ ᠥᠨᠲᠤᠰᠤᠨ ᠪᠠᠶᠢᠲᠠᠯ ᠵᠢᠴᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠵᠠᠬᠪᠤᠷ ᠢ ᠲᠤᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠬᠦ ᠳᠡᠭᠡᠨ᠂ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠨᠢ ᠤᠷᠤᠨ ᠪᠥᠰᠡ ᠶᠢᠨ ᠪᠤᠲᠠᠲᠤ ᠴᠤᠭᠴᠠ ᠶᠢᠨ ᠠᠵᠤ ᠠᠬᠤᠢ ᠳᠤ ᠥᠢᠯᠡᠴᠢᠯᠡᠬᠦ᠂ ᠮᠥᠡᠭᠭᠦᠨ ᠬᠥᠢᠯᠭᠡᠭᠡᠨ ᠤ ᠠᠶᠤᠯ ᠲᠥᠭᠰᠢᠬᠦᠷᠢ ᠶᠢ ᠠᠷᠢᠯᠭᠠᠬᠤ ᠲᠠᠯ᠎ᠠ ᠪᠠᠷ ᠰᠢᠯᠢ ᠶᠢᠨ ᠭᠤᠤᠯ ᠠᠶᠢᠮᠠᠭ ᠲᠠᠢ ᠬᠠᠮᠵᠢᠯᠴᠠᠭ᠎ᠠ ᠪᠠᠨ ᠬᠥᠨᠵᠡᠭᠡᠶᠢᠷᠡᠬᠦᠯᠵᠦ᠂ ᠤᠷᠤᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠴᠥᠨ ᠨᠡᠮᠡᠷᠢᠯᠡᠬᠦ ᠪᠤᠯᠤᠨ᠎ᠠ ᠬᠡᠪᠡ᠃      ᠬᠤᠷᠠᠯ ᠲᠡᠭᠡᠷ᠎ᠡ᠂ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠨᠢ ᠲᠤᠰᠬᠠᠢ ᠲᠥᠷᠥᠯ ᠤᠨ ᠪᠡᠯᠡ ᠮᠥᠡᠭᠭᠦ ᠶᠢᠨ ᠡᠵᠡᠩᠨᠡᠯᠲᠡ ᠬᠠᠮᠢᠶᠠᠷᠤᠯᠲᠠ᠂ ᠤᠯᠤᠰ ᠤᠨ ᠥᠮᠴᠢᠯᠡᠯᠲᠤ ᠡᠳ᠋ ᠬᠥᠷᠥᠩᠭᠡ ᠶᠢ ᠠᠮᠢᠲᠤᠯᠢᠭᠵᠢᠭᠤᠯᠬᠤ᠂ ᠰᠠᠭᠤᠷᠢ ᠮᠥᠡᠭᠭᠦᠨ ᠤ ᠬᠠᠮᠢᠶᠠᠷᠤᠯᠲᠠ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠠᠶᠢᠯᠪᠤᠷᠢᠯᠠᠪᠠ᠃ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠵᠠᠰᠠᠭ ᠤᠨ ᠤᠷᠲᠤᠨ᠂ ᠠᠶᠢᠮᠠᠭ ᠤᠨ ᠰᠢᠭᠤᠳ ᠬᠠᠷᠢᠶ᠎ᠠ ᠡᠯ᠎ᠠ ᠤᠯᠤᠰ ᠤᠨ ᠥᠮᠴᠢᠯᠡᠯᠲᠤ ᠠᠵᠤ ᠠᠬᠤᠶᠢᠯᠠᠯ ᠪᠠ ᠥᠪᠤᠷ ᠮᠤᠩᠭᠤᠯ ᠤᠨ ᠮᠥᠡᠭᠭᠦᠨ ᠬᠥᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠲᠠᠢ ᠰᠠᠨᠠᠯ ᠢᠶᠠᠨ ᠰᠤᠯᠢᠯᠴᠠᠪᠠ᠃      ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠤ ᠤᠲᠤᠷᠢᠳᠬᠤ ᠪᠠᠭ ᠤᠨ ᠬᠡᠰᠢᠬᠦᠳ᠂ ᠡᠯ᠎ᠠ ᠬᠤᠰᠢᠭᠤ ᠰᠢᠶᠠᠨ ᠬᠤᠲᠠ ︵ᠤᠷᠤᠨ︶ ᠶᠢᠨ ᠵᠠᠰᠠᠭ ᠤᠨ ᠤᠷᠲᠤᠨ᠂ ᠬᠠᠮᠢᠶᠠᠷᠤᠯᠲᠠ ᠶᠢᠨ ᠤᠷᠤᠨ ᠤ ᠵᠥᠪᠯᠡᠯ ᠤᠨ ᠡᠳ᠋ ᠤᠨ ᠵᠠᠰᠠᠭ ᠢ ᠬᠤᠪᠢᠲᠠᠨ ᠬᠠᠮᠢᠶᠠᠷᠬᠤ ᠤᠲᠤᠷᠢᠲᠤᠯᠭ᠎ᠠ᠂ ᠡᠳ᠋ ᠤᠨ ᠵᠠᠰᠠᠭ ᠤᠨ ᠲᠤᠪᠴᠢᠶᠡᠨ ᠤ ᠲᠠᠷᠤᠭ᠎ᠠ ᠵᠢᠴᠢ ᠠᠶᠢᠮᠠᠭ ᠤᠨ ᠰᠢᠭᠤᠳ ᠬᠠᠷᠢᠶ᠎ᠠ ᠡᠯ᠎ᠠ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号