︵2025 ᠣᠨ ᠤ 1 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠢᠯᠢᠩᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠪᠦᠬᠦᠳᠠ | ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 11 ᠤ ᠡᠳᠦᠷ ᠬᠤᠷᠠᠯᠳᠤᠪᠠ᠃ | ᠬᠤᠷᠠᠯ ᠳᠤ ᠣᠷᠣᠯᠴᠠᠭᠰᠠᠳ ᠲᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 27 ᠬᠥᠮᠥᠨ ᠪᠤᠢ᠃ | ᠬᠤᠳᠠ ᠶᠢᠨ ᠲᠡᠰ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ ᠲᠠᠯᠠᠪᠠᠢ᠂ | ᠵᠡᠭᠡᠯᠢ ᠭᠤᠳᠤᠮᠵᠢ ᠪᠠ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ | ᠠᠮᠠᠷᠠᠭᠰᠠᠨ ᠬᠡᠰᠡᠭ ᠠᠬᠠᠮᠠᠳ ᠺᠠᠳ᠋ᠷ᠂ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠳᠠ ᠶᠢᠨ ᠨᠠᠮ ᠤᠨ | ᠬᠤᠷᠢᠶᠠᠨ ᠤ ᠱᠦᠵᠢ ᠬᠢᠩᠭᠠᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠣᠷᠣᠯᠠᠭᠴᠢ | ᠳᠠᠷᠤᠭ᠎ᠠ ᠵᠠᠩ ᠶᠢᠩ ᠵᠢᠶᠸ ᠲᠤᠰ ᠲᠤᠰ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠠᠴᠠ 2024 ᠣᠨ ᠤ ᠠᠵᠢᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠵᠤ᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠩᠬᠤᠲᠠ ᠶᠢᠨ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠤᠨ ᠠᠯᠪᠠᠨ | ᠮᠡᠳᠡᠭᠡ︾ ᠶᠢ ᠬᠢᠨᠠᠨ ᠵᠥᠪᠯᠡᠵᠦ ᠪᠠᠲᠤᠯᠠᠪᠠ᠃ | ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠳᠡᠭᠡᠳᠦ ᠰᠠᠨᠠᠯ ᠨᠢᠭᠡᠲᠡᠢ ᠦᠵᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠳᠠᠶᠢᠴᠢᠯᠠᠵᠤ᠂ ᠨᠢᠭᠡᠨ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠦᠬᠦ ᠬᠤᠲᠠ ᠶᠢᠨ ᠡᠯ᠎ᠡ ᠵᠦᠢᠯ ᠤᠨ ᠠᠵᠢᠯ ᠳᠤ ᠰᠠᠶᠢᠨ ᠪᠠᠶᠢᠳᠠᠯ ᠢᠯᠡᠷᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠪᠠᠬᠢ | ᠴᠣᠭᠴᠠᠯᠠᠵᠤ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ | ᠪᠦᠬᠦ ᠲᠠᠯ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠪᠤᠨ ᠶᠡᠭᠡ ᠡᠭᠦᠷᠭᠡ︾ ᠳᠤ ᠰᠢᠯᠢᠳᠡᠭ | ᠰᠢᠯᠭᠠᠯᠲᠠ ᠶᠢᠨ ᠬᠠᠭᠤᠳᠠᠰᠤ ᠲᠤᠰᠢᠶᠠᠵᠤ᠂︽ᠵᠢᠷᠭᠤᠭᠠᠨ ᠢᠨᠵᠧᠨᠧᠷᠢᠩ︾ ᠴᠢᠬᠤᠯᠠ ᠠᠬᠢᠴᠠ ᠲᠠᠢ ᠪᠣᠯᠵᠤ᠂ ᠠᠵᠤ | ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠠᠷᠠᠳ ᠤᠯᠠᠨ ᠤ ᠵᠣᠯ | ᠵᠢᠷᠭᠠᠯ ᠤᠨ ᠲᠥᠷᠥᠭᠳᠡᠯ ᠨᠡᠩ ᠰᠠᠶᠢᠨ ᠪᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ | ᠬᠥᠭᠵᠢᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠴᠠ ᠲᠠᠢ ᠪᠣᠯᠪᠠ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠬᠤᠲᠠ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠪᠣᠯ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠠᠮ ᠤᠨ ᠲᠥᠪ | ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠭᠤᠣᠯᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠪᠡᠶᠡᠯᠡᠭᠦᠯᠵᠦ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠠᠬᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢᠶᠠᠷ ᠵᠠᠮᠨᠠᠵᠤ | ᠳᠤᠮᠳᠠ ᠤᠷᠤᠰᠬᠠᠯ ᠳᠤ ᠣᠷᠣᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠭᠠᠵᠤ᠂ ᠨᠡᠩ ᠶᠡᠭᠡ ᠬᠤᠪᠢ ᠨᠡᠮᠡᠷᠢ | ᠦᠵᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ | ᠲᠠᠯᠪᠢᠵᠤ ᠥᠭᠭᠦᠨ᠎ᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠵᠠᠯᠭᠠᠨ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠬᠢᠯᠢ ᠶᠢᠨ ᠳᠣᠲᠣᠷᠠᠬᠢ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠵᠠᠰᠠᠵᠤ ᠰᠥᠨᠥᠭᠡᠬᠦ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠰᠠᠶᠢᠨ ᠰᠠᠶᠢᠬᠠᠨ ᠬᠠᠨᠳᠤᠰᠢ ᠶᠢ ᠪᠠᠲᠤᠯᠠᠨ᠎ᠠ᠃ ᠠᠮᠤᠷ ᠲᠦᠪᠰᠢᠨ ᠲᠣᠭᠲᠠᠭᠤᠨ ᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠬᠦᠷᠢᠶᠡᠨ ᠤ ᠠᠶᠤᠯ | ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ | ᠲᠣᠭᠲᠠᠭᠤᠨ ᠪᠠᠶᠢᠬᠤ ᠶᠢ ᠪᠠᠲᠤᠯᠠᠨ᠎ᠠ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠲᠣᠰ ᠭᠠᠵᠠᠷ ᠲᠤᠨᠢ | ᠰᠢᠩᠭᠡᠬᠡᠨ ᠠᠪᠬᠤ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠨᠡᠭᠡᠭᠡᠨ | ᠬᠥᠭᠵᠢᠭᠦᠯᠬᠦ ᠯᠦᠭᠡ ᠭᠦᠨᠵᠡᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠡᠳ᠋ᠰᠢᠭᠦᠯᠬᠦ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ | ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠪᠥᠭᠡᠳ ᠥᠨᠳᠥᠷ | ᠦᠨ᠎ᠡ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠲᠡᠮᠵᠢᠵᠤ᠂ ᠠᠷᠠᠯᠵᠢᠶᠠᠨ ᠤ ᠲᠤᠭ᠎ᠠ | ᠬᠡᠮᠵᠢᠶ᠎ᠡ ᠪᠠᠨ ᠳᠡᠭᠡᠭᠰᠢᠯᠡᠭᠦᠯᠵᠦ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠣᠶᠢᠵᠢᠭᠤᠯᠤᠨ ᠬᠥᠭᠵᠢᠭᠦᠯᠦᠨ᠎ᠡ᠃ | ᠡᠯ᠎ᠡ ᠲᠥᠷᠥᠯ ᠤᠨ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠠᠩ ᠣᠯᠠᠨ | ᠲᠥᠷᠥᠯ ᠵᠦᠢᠯ᠂ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠡᠯᠡᠰᠦᠷᠬᠡᠭᠵᠢᠬᠦ ᠶᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠢᠯᠴᠢ ᠬᠠᠩᠭᠠᠬᠤ ᠶᠢ ᠨᠢᠭᠡᠳᠦᠯᠲᠡᠢ ᠲᠥᠯᠥᠪᠯᠡᠬᠦ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ | ᠨᠢᠭᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠳᠠ ᠦᠭᠡᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠶᠡᠭᠡ ᠪᠠᠷ ᠲᠡᠮᠵᠢᠵᠤ᠂ ᠨᠡᠭᠦᠷᠡᠰᠦᠲᠥ᠋ᠷᠥᠭᠴᠢ ᠪᠠᠭ᠎ᠠ ᠡᠨᠧᠷᠭᠢ ᠶᠢᠨ ᠰᠤᠷᠪᠤᠯᠵᠢ᠂ ᠨᠤᠲᠤᠭ ᠪᠡᠯᠴᠢᠭᠡᠷ ᠤᠨ | ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠵᠡᠷᠭᠡ ᠴᠡᠭ ᠪᠠᠶᠢᠷᠢ ᠳᠤ | ᠦᠷᠭᠦᠯᠵᠢᠯᠡᠨ ᠪᠡᠷᠬᠡ ᠰᠡᠳᠦᠪ ᠢ ᠰᠢᠢᠳᠪᠦᠷᠢᠯᠡᠵᠦ ᠪᠦᠰᠡᠯᠡᠯᠲᠡ ᠶᠢ ᠰᠢᠪᠲᠤᠯᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠪᠲᠤᠯᠤᠯᠲᠠ ᠪᠠᠷ ᠪᠦᠬᠦ᠋ᠢᠯᠡ ᠠᠵᠢᠯ ᠤᠨ ᠳᠡᠭᠡᠭᠰᠢᠯᠡᠯᠲᠡ ᠶᠢ | ᠳᠠᠶᠢᠴᠢᠯᠠᠬᠤ ᠬᠡᠷᠡᠭᠲᠡᠢ᠃ ︽ᠴᠢᠬᠤᠯᠠ ᠶᠡᠭᠡ ᠵᠦᠢᠯᠡᠰ ᠢ ᠲᠥᠰᠥᠪᠯᠡᠬᠦ ᠠᠵᠢᠯᠯᠠᠭ᠎ᠠ︾ ᠶᠢᠨ ᠲᠠᠯ᠎ᠠ ᠪᠠᠷ᠂ ᠤᠯᠤᠰ ᠤᠨ | ᠪᠡᠯᠡ ᠣᠷᠣᠭᠤᠯᠤᠯᠲᠠ ᠶᠢᠨ ᠴᠢᠭᠯᠡᠯ ᠪᠠ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠨ ᠤ | ᠬᠤᠭᠤᠴᠠᠭ᠎ᠠ ᠶᠢ ᠵᠠᠪᠳᠤᠨ ᠠᠳᠬᠤᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠵᠢᠱᠢᠶ᠎ᠡ ᠦᠵᠡᠭᠦᠯᠬᠦ | ᠴᠢᠨᠠᠷᠲᠠᠢ ᠭᠤᠣᠯᠳᠠᠯᠭ᠎ᠠ ᠲᠠᠢ ᠵᠦᠢᠯᠡᠰ ᠢ ᠲᠥᠰᠥᠪᠯᠡᠨ ᠨᠥᠭᠡᠴᠡᠯᠡᠵᠦ᠂ ᠠᠵᠤ ᠠᠬᠤᠢ ᠶᠢᠨ ᠬᠥᠭᠵᠢᠯᠲᠡ ᠳᠤ ᠨᠡᠩ | ᠰᠠᠶᠢᠨ ᠢᠶᠠᠷ ᠬᠦᠴᠦᠨ ᠴᠢᠳᠠᠯ ᠬᠤᠷᠠᠮᠳᠤᠭᠤᠯᠤᠨ ᠥᠭᠬᠦ ᠬᠡᠷᠡᠭᠲᠡᠢ᠃ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ | ᠶᠢᠨ ᠲᠠᠯ᠎ᠠ ᠪᠠᠷ᠂ ᠨᠡᠭᠦᠷᠡᠰᠦ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠳᠤᠮᠳᠠ ᠪᠠᠭ᠎ᠠ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠪᠡᠯᠡ ᠮᠥᠩᠭᠦ | ᠴᠤᠭᠯᠠᠭᠤᠯᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠨᠢᠭᠡᠪᠦᠷᠢ ᠳᠤ ᠨᠡᠩ ᠡᠷᠬᠡ | ᠲᠡᠭᠰᠢ ᠪᠠᠷ ᠥᠷᠢᠰᠦᠯᠳᠦᠭᠡᠨ ᠳᠤ ᠣᠷᠣᠯᠴᠠᠬᠤ ᠠᠵᠠ ᠲᠣᠬᠢᠶᠠᠯ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ | ᠶᠢᠨ ᠲᠠᠯ᠎ᠠ ᠪᠠᠷ᠂ ᠡᠯ᠎ᠡ ᠵᠦᠢᠯ ᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠴᠦᠯᠡᠨ ᠪᠣᠶᠢᠵᠢᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ | ᠪᠦᠲᠦᠮᠵᠢᠲᠡᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠯᠮᠦᠷᠢ | ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠶᠢ ᠰᠢᠯᠤᠭᠤᠳᠬᠠᠵᠤ᠂ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠤᠰᠤ ᠠᠷᠪᠢᠯᠠᠬᠤ ᠠᠵᠢᠯᠯᠠᠭ᠎ᠠ︾ ᠶᠢᠨ | ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠤᠰᠤ ᠠᠷᠪᠢᠯᠠᠬᠤ ᠪᠠ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ | ᠠᠰᠢᠭ ᠢ ᠬᠦᠴᠦᠯᠡᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠪᠠᠷ ᠠᠵᠤ | ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ︽ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢᠨ ᠲᠠᠯ᠎ᠠ ᠪᠠᠷ᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠪᠣᠯ ᠪᠠᠰᠠ ᠴᠤ ᠨᠡᠭᠡᠭᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠪᠡᠭᠡᠵᠢᠩ ᠲᠢᠶᠠᠨᠵᠢᠨ ᠾᠧᠪᠧᠢ᠂ ᠪᠦᠥᠸ᠋ᠬᠠᠢ ᠲᠠᠩᠭᠢᠰ ᠢ ᠲᠣᠭᠤᠷᠢᠭᠰᠠᠨ ᠣᠷᠣᠨ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠨᠢᠭᠡ ᠪᠦᠯᠦᠭ ᠲᠣᠮᠣ ᠵᠦᠢᠯᠡᠰ᠂ ᠰᠠᠶᠢᠨ ᠵᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ | ᠭᠠᠵᠠᠷ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ | ︽ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠠᠯ᠎ᠠ ᠪᠠᠷ᠂ ᠠᠭᠤᠳᠠᠯᠤᠨ | ᠪᠣᠯᠪᠠᠰᠤᠷᠠᠭᠤᠯᠬᠤ᠂ ᠤᠬᠠᠭᠤᠯᠤᠨ ᠳᠡᠯᠭᠡᠷᠡᠭᠦᠯᠬᠦ᠂ ᠤᠶᠠᠯᠳᠤᠭᠤᠯᠤᠨ ᠠᠭᠤᠰᠤᠯᠴᠠᠭᠤᠯᠬᠤ ᠲᠠᠯ᠎ᠠ ᠪᠠᠷ ᠬᠠᠮᠵᠢᠯᠴᠠᠨ | ᠬᠦᠴᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ | ᠪᠦᠲᠦᠭᠡᠨ ᠪᠠᠶᠢᠭᠤᠯᠵᠤ᠂ ᠭᠠᠵᠠᠷ ᠣᠷᠣᠨ ᠤ ᠰᠣᠶᠣᠯ ᠤᠨ ᠲᠠᠲᠠᠬᠤ ᠬᠦᠴᠦᠨ ᠢ ᠪᠦᠲᠦᠮᠵᠢᠲᠡᠢ ᠴᠢᠩᠭᠠᠳᠬᠠᠬᠤ | ᠬᠡᠷᠡᠭᠲᠡᠢ᠃ |