ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 | ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ ᠡᠯᠧᠺᠲᠷᠣᠨᠵᠢᠯᠲᠠ ᠶᠢ ᠪᠥᠬᠦ | ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ ᠲᠤᠰᠬᠠᠢ ᠣᠷᠣᠨ ᠤ ᠳᠡᠰ ᠤᠨ ᠬᠤᠲᠠ ᠶᠢᠨ | ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠢᠶᠠᠷ ᠵᠠᠮᠨᠠᠬᠤ ᠡᠯᠧᠺᠲᠷᠣᠨ | ᠦᠨᠡᠮᠯᠡᠯ ᠭᠤᠶᠤᠴᠢᠯᠠᠨ ᠠᠪᠴᠤ ᠪᠣᠯᠣᠨ᠎ᠠ᠃ | ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠢ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠰᠡᠳᠦᠪ ᠢᠶᠠᠷ | ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠥᠯ ᠲᠣᠭᠲᠠᠭᠠᠨ᠂ ᠰᠢᠰᠲ᠋ᠧᠮ ᠢ ᠵᠣᠬᠢᠶᠠᠨ ᠪᠠᠶᠢᠭᠤᠯᠵᠤ | ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠥᠰᠥᠯ ᠢ ᠨᠠᠷᠢᠯᠢᠭᠵᠢᠭᠤᠯᠤᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠨᠡ ᠵᠢᠯ ᠤᠨ 7 ᠳ᠋ᠤᠭᠠᠷ | ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠢ ᠲᠦᠮᠡᠨ ᠲᠡᠷᠭᠡᠨ ᠤ ᠡᠵᠡᠳ ᠲᠤ ᠵᠠᠮᠨᠠᠬᠤ ᠡᠯᠧᠺᠲᠷᠣᠨ ᠦᠨᠡᠮᠯᠡᠯ | ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ᠦᠨᠡᠮᠯᠡᠯ ᠭᠠᠷᠳᠠᠭᠤᠯᠬᠤ︾ ︽ᠺᠣᠳ᠋ ᠢ ᠨᠢ ᠦᠵᠡᠭᠦᠯᠬᠦ︾ ᠦᠢᠯᠡᠴᠢᠯᠡᠭᠡ | ᠬᠠᠩᠭᠠᠪᠠ᠃ | ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ | ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ | ᠬᠠᠷᠢᠯᠴᠠᠭᠠᠨ ᠤ ᠬᠠᠮᠢᠶᠠᠷᠤᠯᠲᠠ 12123︾ APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ ᠭᠤᠶᠤᠴᠢᠯᠠᠨ | ᠠᠪᠴᠤ ᠪᠣᠯᠣᠨ᠎ᠠ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ ᠨᠢᠭᠡᠳᠦᠯᠲᠡᠢ ᠪᠠᠶᠢᠵᠤ᠂ | ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠭᠦᠯᠬᠦ᠂ ᠠᠳᠡᠯ ᠢ | ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ | ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠥᠨ ᠳᠤ ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ | ᠳᠥᠭᠦᠮᠯᠡᠪᠡ᠃ ᠡᠭᠦᠨ ᠤ ᠬᠠᠮᠲᠤ᠂ ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ | ᠲᠥᠯᠥᠪᠦᠷᠢ ᠵᠡᠷᠭᠡ ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠣᠨ᠎ᠠ᠃ | ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠲᠷᠣᠨ ᠦᠨᠡᠮᠯᠡᠯ ᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ | ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠢ ᠪᠠᠷ | ᠢᠯᠡᠷᠡᠭᠦᠯᠵᠦ᠂ ᠴᠠᠭ ᠲᠤᠬᠠᠢ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠢ ᠳᠤ ᠨᠢ ᠭᠠᠷᠭᠠᠨ ᠦᠵᠡᠭᠦᠯᠬᠦ᠂ ᠴᠠᠭ ᠲᠤᠬᠠᠢ ᠳᠤ | ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ ᠬᠥᠰᠬᠡ ᠶᠢ ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ | ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠳᠥᠭᠦᠮᠯᠡᠪᠡ᠃ | ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠡᠬᠢ | ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ ᠦᠰᠦᠭ ᠤᠨ | ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠢᠶᠠᠷ | ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠢ ᠪᠥᠭᠡᠳ ᠬᠦᠴᠦᠨ ᠲᠠᠢ | ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠢ ᠲᠠᠯᠠᠪᠠᠶ ᠳᠤ ᠮᠡᠳᠡᠭᠡ ᠵᠠᠩᠭᠢ | ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠢ ᠬᠤᠶᠠᠷ ᠬᠡᠮᠵᠢᠯᠲᠦ ᠺᠣᠳ᠋᠂ | ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠥᠨ ᠭᠡᠷᠡᠴᠢᠯᠡᠬᠦ ᠵᠡᠷᠭᠡ ᠮᠡᠷᠭᠡᠵᠢᠯ ᠢ | ᠬᠡᠷᠡᠭᠯᠡᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃ | ᠲᠣᠳᠣᠷᠬᠠᠶᠢᠯᠠᠬᠤ ᠴᠢᠬᠤᠯᠠᠲᠠᠢ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ | ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠢ︔ ᠵᠠᠮᠨᠠᠬᠤ | ᠡᠯᠧᠺᠲᠷᠣᠨ ᠦᠨᠡᠮᠯᠡᠯ ᠢ ᠭᠤᠣᠯᠳᠠᠭᠤ ᠬᠠᠮᠢᠶ᠎ᠠ ᠪᠦᠬᠦᠢ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠬᠡᠷᠡᠭᠯᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ ᠨᠠᠭᠠᠰᠢ᠂ 1 | ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠤ ᠪᠠ ᠠᠵᠤ ᠠᠬᠤᠶᠢᠯᠠᠯ ᠤᠨ | ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ | |