ᠡᠨᠡ 5 ᠵᠦᠢᠯ ᠤᠨ ᠴᠠᠢ ᠶᠢ ᠤᠤᠭᠤᠬᠤ ᠶᠢ ᠰᠠᠨᠠᠭᠠᠴᠢᠯᠠᠬᠤ ᠦᠭᠡᠢ | 1. ᠥᠳᠬᠡᠨ ᠴᠠᠢ᠂ ᠲᠡᠮᠦᠷᠲᠦ ᠴᠢᠰᠤ ᠳᠤᠲᠠᠬᠤ ᠡᠪᠡᠳᠴᠢᠲᠡᠨ ᠨᠢ ᠥᠳᠬᠡᠨ ᠴᠠᠢ ᠶᠢ ᠪᠠᠭ᠎ᠠ ᠤᠤᠭᠤᠭᠠᠷᠠᠢ᠂ | ᠥᠳᠬᠡᠨ ᠴᠠᠢ ᠤᠨᠲᠠᠬᠤ ᠶᠢ ᠨᠥᠯᠥᠭᠡᠯᠡᠨ᠎ᠡ᠂ ᠴᠠᠢ ᠤᠤᠭᠤᠬᠤ ᠴᠠᠭ ᠪᠠ ᠬᠡᠮᠵᠢᠶ᠎ᠡ ᠪᠠᠨ ᠴᠤ ᠠᠩᠬᠠᠷᠬᠤ ᠬᠡᠷᠡᠭᠲᠡᠢ᠃ | 2. ᠸᠠᠯᠠᠭᠰᠠᠨ ᠴᠠᠢ᠂ ᠸᠠᠯᠠᠭᠰᠠᠨ ᠴᠠᠢ ᠶᠢ ᠤᠤᠭᠤᠪᠠᠯ ᠬᠥᠩᠭᠡᠨ ᠦᠶ᠎ᠡ ᠳᠤ ᠰᠠᠭᠤᠯᠭᠠᠬᠤ ᠵᠡᠷᠭᠡ ᠢᠳᠡᠭᠡᠨ ᠳᠤ | ᠬᠤᠣᠷᠳᠠᠭᠳᠠᠬᠤ ᠰᠢᠨᠵᠢ ᠪᠠᠶᠢᠳᠠᠯ ᠭᠠᠷᠴᠤ᠂ ᠬᠦᠨᠳᠦ ᠦᠶ᠎ᠡ ᠳᠤ ᠡᠯᠢᠭᠡ᠂ ᠪᠥᠭᠡᠷ᠎ᠡ ᠵᠡᠷᠭᠡ ᠴᠢᠬᠤᠯᠠ ᠡᠷᠬᠡᠲᠡᠨ ᠤ | ᠡᠪᠡᠳᠴᠢᠨ ᠤ ᠬᠤᠪᠢᠷᠠᠯᠲᠠ ᠶᠢ ᠡᠭᠦᠰᠬᠡᠵᠦ ᠮᠡᠳᠡᠨ᠎ᠡ᠃ | 3. ᠦᠨᠦᠷᠲᠦ ᠴᠠᠢ᠂ ᠡᠨᠡ ᠴᠠᠢ ᠳᠤ ᠲᠧᠷᠫᠧᠨ ᠤ ᠲᠥᠷᠥᠯ ᠤᠨ ᠪᠣᠳᠠᠰ ᠠᠭᠤᠯᠤᠭᠳᠠᠵᠤ᠂ ᠪᠦᠲᠦᠴᠡ ᠨᠢ | ᠣᠯᠠᠨ ᠰᠦᠪᠡ ᠲᠠᠢ ᠪᠠᠶᠢᠳᠠᠭ ᠪᠥᠭᠡᠳ ᠮᠠᠰᠢ ᠠᠮᠠᠷᠬᠠᠨ ᠢᠶᠠᠷ ᠰᠣᠨᠢᠨ ᠦᠨᠦᠷ ᠢ ᠰᠢᠩᠭᠡᠬᠡᠨ ᠠᠪᠳᠠᠭ᠂ ᠲᠡᠭᠦᠨ ᠢ | ᠪᠤᠰᠤᠳ ᠦᠨᠦᠷᠲᠦ ᠶᠠᠭᠤᠮ᠎ᠠ ᠲᠠᠢ ᠨᠢᠭᠡ ᠬᠡᠰᠡᠭ ᠬᠤᠭᠤᠴᠠᠭ᠎ᠠ ᠲᠠᠯᠪᠢᠭᠰᠠᠨ ᠤ ᠳᠠᠷᠠᠭ᠎ᠠ ᠮᠠᠰᠢ ᠠᠮᠠᠷᠬᠠᠨ ᠠᠮᠲᠠ | ᠨᠢ ᠬᠤᠪᠢᠷᠠᠳᠠᠭ᠃ ᠵᠠᠷᠢᠮ ᠠᠮᠲᠠ ᠳᠤᠨᠢ ᠬᠤᠣᠷᠲᠤ ᠡᠳ᠋ ᠠᠭᠤᠯᠵᠤ ᠪᠠᠶᠢᠳᠠᠭ᠂ ᠵᠢᠱᠢᠶᠡᠯᠡᠪᠡᠯ ᠰᠢᠷ ᠤᠨ ᠦᠨᠦᠷ ᠵᠡᠷᠭᠡ | ᠨᠢ ᠬᠥᠮᠥᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠳᠠᠭ᠃ | 4. ᠤᠳᠠᠭᠠᠨ ᠪᠦᠷᠢᠬᠦ ᠴᠠᠢ᠂ ᠪᠦᠷᠢᠬᠦ ᠴᠠᠭ ᠨᠢ ᠬᠡᠲᠦ ᠣᠷᠳᠣ ᠪᠣᠯᠪᠠᠯ ᠴᠠᠢ ᠶᠢᠨ ᠥᠩᠭᠡ ᠨᠢ ᠪᠦᠳᠡᠭᠢ᠂ | ᠠᠮᠲᠠ ᠨᠢ ᠠᠨᠠᠢ ᠪᠣᠯᠵᠤ᠂ ᠠᠮᠲᠠᠯᠠᠬᠤ ᠦᠨ᠎ᠡ ᠥᠷᠲᠡᠭ ᠢᠶᠠᠨ ᠠᠯᠳᠠᠬᠤ ᠪᠠᠷ ᠪᠠᠷᠠᠬᠤ ᠦᠭᠡᠢ᠂ ᠪᠠᠰᠠ ᠴᠠᠢ ᠳᠣᠲᠣᠷᠠᠬᠢ | ᠸᠢᠲ᠋ᠠᠮᠢᠨ ᠵᠡᠷᠭᠡ ᠨᠢ ᠢᠰᠦᠯᠳᠦᠭᠰᠡᠨ ᠠᠴᠠ ᠪᠣᠯᠵᠤ ᠪᠠᠭᠠᠰᠴᠤ᠂ ᠴᠠᠢ ᠶᠢᠨ ᠰᠢᠮ᠎ᠡ ᠲᠡᠵᠢᠭᠡᠯ ᠢ ᠶᠡᠭᠡ ᠪᠠᠷ | ᠪᠠᠭᠤᠷᠠᠭᠤᠯᠳᠠᠭ᠃ | 5. ᠬᠡᠲᠦ ᠬᠠᠯᠠᠭᠤᠨ ᠴᠠᠢ᠂ ᠴᠠᠢ ᠪᠦᠷᠢᠬᠦ ᠤᠰᠤᠨ ᠤ ᠬᠠᠯᠠᠭᠤᠨ ᠨᠢ ᠶᠡᠷᠦ ᠳᠡᠭᠡᠨ 80 ~90 ᠭᠷᠠᠳᠦ᠋ᠰ | ᠪᠤᠶᠤ ᠵᠠᠷᠢᠮ ᠳᠠᠭᠠᠨ ᠪᠠᠰᠠ 100 ᠭᠷᠡᠳᠦ᠋ᠰ ᠪᠠᠶᠢᠳᠠᠭ᠂ ᠡᠶᠢᠮᠦ ᠠᠴᠠ ᠴᠠᠢ ᠶᠢ ᠬᠡᠲᠦ ᠬᠠᠯᠠᠭᠤᠨ ᠦᠶ᠎ᠡ ᠳᠤ | ᠤᠤᠭᠤᠵᠤ ᠪᠣᠯᠬᠤ ᠦᠭᠡᠢ᠂ ᠡᠰᠡ ᠲᠡᠭᠡᠪᠡᠯ ᠠᠮᠠᠨ ᠤ ᠬᠥᠨᠳᠡᠢ ᠪᠣᠯᠣᠨ ᠤᠯᠠᠭᠠᠨ ᠬᠤᠭᠤᠯᠠᠢ ᠶᠢᠨ ᠰᠠᠯᠢᠰᠤᠲᠤ | ᠪᠦᠷᠬᠦᠪᠴᠢ ᠶᠢ ᠬᠠᠯᠠᠭᠠᠵᠤ᠂ ᠰᠢᠷᠬᠠᠯᠠᠭ᠎ᠠ ᠡᠭᠦᠰᠬᠡᠵᠦ᠂ ᠤᠳᠠᠭᠠᠨ ᠳᠠᠭᠠᠨ ᠠᠮᠠᠨ ᠬᠥᠨᠳᠡᠢ ᠶᠢᠨ ᠥᠮᠡᠨ᠂ ᠤᠯᠠᠭᠠᠨ | ᠬᠤᠭᠤᠯᠠᠢ ᠶᠢᠨ ᠥᠮᠡᠨ ᠢ ᠡᠭᠦᠰᠬᠡᠵᠦ ᠮᠡᠳᠡᠨ᠎ᠡ᠃ | |