ᠣᠳᠣᠬᠠᠨ ᠳᠤ ᠶᠠᠭ ᠰᠠᠶᠢᠬᠠᠨ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠰᠤᠷᠭᠠᠭᠤᠯᠢ | ᠡᠬᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠵᠤ ᠪᠠᠶᠢᠨ᠎ᠠ᠃ ᠬᠠᠷᠢᠶ᠎ᠠ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠶᠡᠷᠦᠩᠬᠡᠢ ᠠᠩᠭᠢ ᠶᠢᠨ ᠳᠣᠯᠣᠳᠤᠭᠠᠷ ᠰᠠᠯᠪᠤᠷᠢ ᠠᠩᠭᠢ ᠵᠠᠮ ᠱᠤᠭᠤᠮ ᠤᠨ ᠣᠷᠴᠢᠨ ᠨᠥᠬᠦᠴᠡᠯ᠂ ᠠᠶᠤᠯᠭᠦᠢ | ᠦᠢᠯᠡᠳᠪᠦᠷᠢᠯᠡᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠪᠠᠬᠢᠵᠢᠭᠦᠯᠵᠦ᠂ ᠠᠷᠠᠳ ᠣᠯᠠᠨ ᠤ ᠠᠵᠢᠯ ᠤᠨ | ᠪᠠᠶᠢᠷᠢ ᠳᠠᠭᠠᠨ ᠪᠤᠴᠠᠵᠤ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠵᠤ ᠪᠠᠶᠢᠨ᠎ᠠ᠃ | ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠯᠲᠠ ᠶᠢᠨ ᠡᠷᠴᠢᠮ ᠢ | ᠴᠢᠩᠭᠠᠷᠠᠭᠤᠯᠵᠤ᠂ ᠠᠶᠠᠨᠴᠢᠳ ᠤᠨ ᠲᠡᠷᠭᠡ ᠠᠶᠤᠯᠲᠠᠢ ᠪᠣᠳᠠᠰ ᠲᠡᠭᠡᠭᠡᠪᠦᠷᠢᠯᠡᠭᠰᠡᠨ ᠲᠡᠷᠭᠡ ᠬᠦᠨᠳᠦ ᠠᠴᠢᠶᠠᠨ ᠤ ᠲᠡᠷᠭᠡ ᠵᠡᠷᠭᠡ | ᠳᠤ ᠴᠢᠭᠯᠡᠭᠦᠯᠦᠨ ᠵᠢᠯᠣᠭᠤᠴᠢ ᠶᠢᠨ ᠦᠨᠡᠮᠯᠡᠯ᠂ ᠡᠵᠡᠩᠨᠡᠯᠲᠡ ᠶᠢᠨ ᠬᠢᠷᠢ ᠬᠡᠮ᠂ ᠲᠡᠷᠭᠡ ᠬᠥᠰᠬᠡ ᠶᠢᠨ ᠠᠮᠤᠷ ᠲᠦᠪᠰᠢᠨ ᠤ | ᠴᠢᠳᠠᠮᠵᠢ ᠪᠠ ᠲᠡᠷᠭᠡᠨ ᠳᠤ ᠠᠴᠢᠶᠠᠯᠠᠭᠰᠠᠨ ᠡᠳ᠋ ᠪᠣᠳᠠᠰ ᠬᠠᠤᠯᠢ ᠲᠣᠭᠲᠠᠭᠠᠯ ᠠᠴᠠ ᠵᠥᠷᠢᠴᠡᠭᠰᠡᠨ ᠡᠰᠡᠬᠦ᠂ ᠳᠠᠭᠠᠭᠠᠴᠠ ᠠᠴᠠ | ᠬᠡᠲᠦᠷᠡᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠵᠠᠮ ᠬᠠᠷᠢᠯᠴᠠᠭᠠᠨ ᠤ ᠠᠳᠡᠯ ᠤᠨ ᠳᠠᠯᠳᠠ ᠬᠡᠮ ᠢ | ᠴᠠᠭ ᠲᠤᠬᠠᠢ ᠳᠤᠨᠢ ᠠᠷᠢᠯᠭᠠᠵᠠᠢ᠃ ᠠᠶᠤᠯᠭᠦᠢ ᠦᠢᠯᠡᠳᠪᠦᠷᠢᠯᠡᠯ ᠢ ᠠᠬᠢᠭᠤᠯᠬᠤ ᠪᠣᠯᠣᠨ ᠴᠠᠭ ᠠᠭᠤᠷ ᠠᠴᠠ ᠪᠣᠯᠤᠭᠰᠠᠨ | ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠥᠭᠦᠷᠭᠡ ᠶᠢᠨ ᠭᠤᠯᠳᠤᠩ᠂ ᠨᠠᠯᠠᠤ ᠵᠠᠮ᠂ ᠮᠤᠷᠤᠢ ᠵᠠᠮ᠂ ᠠᠳᠡᠯ ᠠᠮᠠᠷᠬᠠᠨ ᠭᠠᠷᠬᠤ ᠬᠡᠰᠡᠭ᠂ ᠴᠠᠰᠤ ᠬᠤᠷᠠᠵᠤ ᠮᠥᠰᠥ ᠬᠥᠯᠳᠡᠬᠦ | ᠵᠠᠮ ᠤᠨ ᠬᠡᠰᠡᠭ᠂ ᠲᠦᠷᠭᠡᠨ ᠤ ᠵᠠᠮ ᠤᠨ ᠣᠷᠣᠵᠤ ᠭᠠᠷᠬᠤ ᠭᠠᠵᠠᠷ ᠵᠢᠴᠢ ᠦᠢᠯᠡᠴᠢᠯᠡᠭᠡᠨ ᠤ ᠲᠣᠭᠤᠷᠢᠭ ᠵᠡᠷᠭᠡ ᠣᠷᠣᠨ | ᠪᠠᠶᠢᠷᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠭᠡᠮ ᠰᠣᠭᠤᠭ ᠪᠣᠯᠣᠨ ᠠᠰᠠᠭᠤᠳᠠᠯ ᠢ ᠢᠯᠡᠷᠡᠭᠦᠯᠵᠦ ᠴᠠᠭ ᠲᠤᠬᠠᠢ ᠳᠤᠨᠢ | ᠬᠠᠮᠢᠶ᠎ᠠ ᠪᠦᠬᠦᠢ ᠨᠢᠭᠡᠴᠢ ᠶᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠠᠢ᠃ | ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠭᠡᠨ ᠤ | ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢ ᠱᠠᠯᠠᠪᠳᠠᠭᠤᠯᠤᠨ ᠲᠡᠷᠭᠡ ᠵᠣᠭᠰᠤᠭᠠᠬᠤ᠂ ᠲᠣᠰᠣ ᠨᠡᠮᠡᠬᠦ᠂ ᠴᠠᠬᠢᠯᠭᠠᠨ | ᠴᠡᠨᠡᠭᠯᠡᠬᠦ ᠵᠡᠷᠭᠡ ᠠᠶᠠᠨᠴᠢᠳ ᠤᠨ ᠶᠠᠪᠤᠵᠤ ᠰᠠᠭᠤᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠦᠢᠯᠡᠴᠢᠯᠡᠭᠡᠨ ᠤ ᠲᠣᠭᠤᠷᠢᠭ ᠤᠨ ᠲᠣᠰᠣᠨ ᠤ ᠵᠦᠢᠯ᠂ ᠬᠠᠯᠠᠭᠤᠨ ᠤᠰᠤ᠂ ᠢᠳᠡᠭᠡᠨ ᠵᠡᠷᠭᠡ ᠡᠳ᠋ ᠪᠠᠷᠠᠭ᠎ᠠ ᠭᠦᠢᠴᠡᠳ | ᠪᠠᠶᠢᠬᠤ ᠶᠢ ᠪᠠᠲᠤᠯᠠᠵᠤ᠂ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠥᠭᠡᠳ ᠵᠦᠢ ᠵᠣᠬᠢᠰᠲᠠᠢ᠂ | ᠦᠢᠯᠡᠴᠢᠯᠡᠭᠡᠨ ᠤ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠡᠮᠬᠢ ᠵᠢᠷᠤᠮ ᠲᠠᠢ ᠪᠠᠶᠢᠬᠤ ᠶᠢ ᠦᠨᠡᠨᠬᠦ | ᠪᠠᠲᠤᠯᠠᠪᠠ᠃ | ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠠᠰᠤ ᠣᠷᠣᠭᠰᠠᠨ ᠵᠠᠮ ᠤᠨ ᠪᠠᠶᠢᠳᠠᠯ ᠤᠨ | ᠪᠣᠳᠠᠲᠤ ᠪᠠᠶᠢᠳᠠᠯ ᠳᠤ ᠴᠢᠭᠯᠡᠭᠦᠯᠦᠨ᠂ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠤᠷᠠᠭᠰᠠᠨ | ᠴᠠᠰᠤ ᠶᠢ ᠴᠡᠪᠡᠷᠯᠡᠵᠦ᠂ ᠵᠠᠮ ᠬᠠᠷᠢᠯᠴᠠᠭᠠᠨ ᠤ ᠠᠳᠡᠯ ᠡᠭᠦᠰᠬᠦ ᠶᠢ ᠪᠥᠬᠦ ᠲᠠᠯ᠎ᠠ ᠪᠠᠷ ᠰᠡᠷᠭᠡᠶᠢᠯᠡᠬᠦ ᠶᠢᠨ ᠬᠠᠮᠲᠤ ᠴᠠᠭ | ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ | ᠨᠡᠶᠢᠲᠡᠯᠡᠵᠦ᠂ ᠵᠠᠮ ᠬᠠᠷᠢᠴᠠᠯᠭᠠ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠪᠠ᠃ |