︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ︾ ᠢ ᠨᠡᠶᠢᠲᠡᠯᠡᠪᠡ᠃ ᠡᠨᠡ ᠪᠣᠯ ᠮᠠᠨ ᠤ ᠤᠯᠤᠰ ᠠᠩᠬ᠎ᠠ ᠤᠳᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠬᠠᠢ | ᠰᠠᠨᠠᠯ ᠢ ᠳᠠᠷᠤᠮᠠᠯᠯᠠᠨ ᠲᠠᠷᠬᠠᠭᠠᠵᠤ ᠪᠠᠶᠢᠭ᠎ᠠ ᠶᠠᠪᠤᠳᠠᠯ ᠪᠣᠯᠣᠨ᠎ᠠ᠃ | ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ᠂ ᠦᠢᠯᠡᠴᠢᠯᠡᠭᠡᠨ ᠤ ᠬᠡᠯᠪᠡᠷᠢ ᠵᠡᠷᠭᠡ | ᠲᠠᠯ᠎ᠠ ᠪᠠᠷ ᠬᠠᠷᠠᠯᠲᠠ ᠪᠠ ᠠᠷᠭ᠎ᠠ ᠵᠠᠮ ᠳᠤᠷᠠᠳᠴᠤ᠂ 3 ᠳ᠋ᠦᠩᠰᠢᠭᠤᠷ ᠰᠢᠬᠠᠮ ᠨᠠᠰᠤᠲᠠᠶᠢᠴᠤᠳ ᠤᠨ ᠥᠲᠡᠯᠦᠭᠡ | ᠨᠠᠰᠤᠨ ᠳᠠᠭᠠᠨ ᠠᠰᠠᠷᠠᠮᠵᠢ ᠲᠠᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠨᠠᠩ ᠰᠠᠶᠢᠲᠤᠷ | ᠪᠠᠲᠤᠯᠠᠬᠤ ᠪᠣᠯᠣᠨ᠎ᠠ᠃ ᠡᠨᠡ ᠪᠣᠯ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ᠂ ᠤᠯᠤᠰ ᠣᠷᠣᠨ ᠤ | ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ᠂ ᠴᠢᠬᠤᠯᠠ ᠶᠠᠪᠤᠳᠠᠯ ᠮᠥᠨ᠃ ᠰᠠᠨᠠᠯ ᠳᠤ ᠠᠩᠬ᠎ᠠ | ᠤᠳᠠᠭ᠎ᠠ ᠮᠠᠨ ᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠬᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠨᠢ ᠶᠠᠭᠤ ᠪᠣᠯᠬᠤ ᠲᠤᠬᠠᠢ ᠲᠣᠳᠣᠷᠬᠠᠢ ᠬᠠᠷᠢᠭᠤᠯᠲᠠ ᠥᠭᠴᠡᠢ — ᠲᠠᠰ ᠲᠥᠷᠥᠯ | ᠬᠤᠪᠢᠶᠠᠵᠤ᠂ ᠲᠦᠭᠡᠮᠡᠯ ᠬᠠᠷᠠᠭᠠᠯᠵᠠᠯ ᠬᠦᠷᠲᠡᠭᠡᠬᠦ᠂ ᠬᠤᠲᠠ ᠬᠥᠳᠡᠭᠡ ᠶᠢ ᠬᠠᠮᠤᠷᠤᠭᠰᠠᠨ᠂ ᠦᠷᠭᠦᠯᠵᠢᠯᠡᠨ ᠬᠥᠭᠵᠢᠬᠦ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠪᠣᠯᠣᠨ᠎ᠠ ᠭᠡᠪᠡ᠃ | ᠰᠠᠨᠠᠯ ᠳᠤ ᠠᠩᠬ᠎ᠠ ᠤᠳᠠᠭ᠎ᠠ ᠬᠤᠲᠠ ᠬᠥᠳᠡᠭᠡ ᠶᠢ ᠬᠠᠮᠤᠷᠤᠭᠰᠠᠨ ᠭᠤᠷᠪᠠᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠦᠷᠭᠡᠨ ᠪᠦᠷᠢᠨᠰᠢᠭᠦᠯᠦᠨ᠎ᠡ ᠭᠡᠵᠦ ᠳᠤᠷᠠᠳᠴᠠᠢ — ᠰᠢᠶᠠᠨ ᠤ | ᠱᠠᠲᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠨᠢ | ᠵᠢᠱᠢᠶ᠎ᠡ ᠦᠵᠡᠭᠦᠯᠦᠨ ᠵᠢᠯᠤᠭᠤᠳᠬᠤ ᠵᠡᠷᠭᠡ ᠦᠢᠯᠡᠳᠦᠯ ᠢᠶᠠᠨ ᠪᠠᠳᠠᠷᠠᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠬᠦᠵᠰᠦ ᠪᠤᠯᠬᠤ | ᠦᠢᠯᠡᠳᠦᠯ ᠢᠶᠠᠨ ᠪᠠᠳᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠥᠷᠲᠡᠭᠡ ᠴᠡᠭ ᠨᠢ ᠨᠠᠰᠤᠲᠠᠶᠢᠴᠤᠳ ᠲᠤ ᠣᠶᠢᠷᠠᠳᠬᠤ ᠳᠠᠪᠠᠭᠤᠯᠢᠭ ᠢᠶᠠᠨ | ᠪᠠᠳᠠᠷᠠᠭᠤᠯᠵᠤ᠂ ᠪᠦᠬᠦ᠋ᠢᠯᠡ ᠰᠢᠶᠠᠨ ︵ᠲᠣᠭᠤᠷᠢᠭ︶ ᠤ ᠬᠡᠪᠴᠢᠶᠡᠨ ᠳᠠᠬᠢ ᠨᠠᠰᠤᠵᠢᠯ ᠤᠨ ᠠᠰᠠᠷᠠᠮᠵᠢ ᠶᠢᠨ | ᠲᠥᠬᠦᠭᠡᠷᠦᠮᠵᠢ ᠶᠢ ᠴᠡᠭ ᠲᠠᠢ ᠬᠤᠯᠪᠣᠨ ᠰᠦᠯᠵᠢᠶᠡᠵᠢᠭᠦᠯᠵᠦ᠂ ᠦᠢᠯᠡᠴᠢᠯᠡᠭᠡ ᠶᠢ ᠨᠠᠩ ᠳᠥᠭᠦᠮ ᠳᠥᠲᠡ ᠪᠣᠯᠭᠠᠨ᠎ᠠ | ᠭᠡᠪᠡ᠃ | ᠰᠠᠨᠠᠯ ᠳᠤ ᠠᠩᠬ᠎ᠠ ᠤᠳᠠᠭ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠥᠷᠥᠯ ᠬᠤᠪᠢᠶᠠᠭᠰᠠᠨ | ᠥᠭᠡᠷᠡᠴᠢᠯᠡᠯᠲᠡ ᠶᠢᠨ ᠲᠤᠬᠠᠢ ᠳᠤᠷᠠᠳᠴᠠᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠦᠨᠳᠦᠰᠦᠨ ᠵᠦᠢᠯ ᠢ | ᠪᠠᠲᠤᠯᠠᠬᠤ ᠬᠡᠯᠪᠡᠷᠢ ᠶᠢᠨ᠂ ᠲᠦᠭᠡᠮᠡᠯ ᠬᠠᠷᠠᠭᠠᠯᠵᠠᠯᠲᠤ ᠳᠡᠮᠵᠢᠯᠭᠡ ᠶᠢᠨ ᠬᠡᠯᠪᠡᠷᠢ ᠶᠢᠨ᠂ ᠪᠦᠷᠢᠨ ᠵᠠᠬ᠎ᠠ ᠳᠡᠯᠭᠡᠭᠦᠷ ᠤᠨ | ᠬᠡᠯᠪᠡᠷᠢ ᠶᠢᠨ ᠭᠡᠵᠦ ᠬᠤᠪᠢᠶᠠᠬᠤ ᠶᠢ ᠠᠩᠬ᠎ᠠ ᠤᠳᠠᠭ᠎ᠠ ᠲᠣᠳᠣᠷᠬᠠᠶᠢᠯᠠᠵᠤ᠂ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠲᠠᠢ᠂ ᠵᠠᠪᠠᠯ ᠦᠢᠯᠡᠴᠢᠯᠡᠭᠡ ᠪᠠᠶᠢᠬᠤ᠂ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠲᠠᠢ᠂ ᠵᠠᠬ᠎ᠠ ᠳᠡᠯᠭᠡᠭᠦᠷ ᠤᠨ | ᠰᠣᠩᠭᠤᠯᠲᠠ ᠲᠠᠢ ᠦᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ ᠭᠡᠪᠡ᠃ | |