ᠣᠶᠢᠷ᠎ᠠ ᠳᠤ᠂ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠡᠨᠡ ᠵᠢᠯ ᠤᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠠᠵᠢᠯ ᠪᠣᠯᠣᠨ ᠢᠷᠡᠬᠦ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ | ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ | ᠣᠳᠣᠬᠠᠨ ᠳᠤ᠂ ᠮᠠᠨ ᠤ ᠠᠶᠢᠮᠠᠭ ᠨᠢᠭᠡᠨᠲᠡ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ | ᠭᠠᠯ ᠲᠦᠢᠮᠡᠷ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠣᠷᠣᠪᠠ᠃ ᠡᠨᠡ ᠵᠢᠯ ᠤᠨ ᠭᠠᠯ ᠲᠦᠢᠮᠡᠷ ᠢ | ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠦ ᠪᠠᠶᠢᠵᠤ᠂ ᠪᠥᠬᠦ ᠠᠶᠢᠮᠠᠭ ᠤᠨ ᠶᠢᠰᠦᠨ ᠬᠤᠪᠢ ᠠᠴᠠ ᠳᠡᠭᠡᠭᠰᠢᠬᠢ ᠭᠠᠵᠠᠷ | ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠡᠯᠢᠶᠡᠳ ᠰᠠᠶᠢᠨ ᠪᠠᠶᠢᠵᠤ᠂ ᠵᠡᠭᠦᠨ ᠦᠵᠦᠮᠦᠴᠢᠨ | ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠵᠡᠷᠭᠡ ᠭᠠᠵᠠᠷ ᠤᠨ ᠭᠠᠯ ᠤᠨ ᠠᠶᠤᠯ ᠤᠨ ᠲᠠᠰ ᠨᠡᠯᠢᠶᠡᠳ ᠥᠨᠳᠥᠷ | ᠪᠠᠶᠢᠨ᠎ᠠ᠃ ᠲᠤᠯᠤᠨ ᠨᠤᠤᠷ ᠰᠢᠶᠠᠨ ᠤ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠰᠡᠨ ᠤᠢ ᠰᠢᠭᠤᠢ ᠶᠢᠨ ᠲᠠᠯᠠᠪᠠᠢ᠂ | ᠪᠣᠭᠳᠠᠠ᠋ᠭᠤᠯᠠ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠤᠨ ᠰᠢᠲᠠᠮᠠᠬᠠᠢ ᠪᠣᠳᠠᠰ ᠤᠨ | ᠳᠠᠭᠠᠭᠠᠴᠠ ᠥᠩᠭᠡᠷᠡᠭᠰᠡᠨ ᠵᠢᠯ ᠤᠨ ᠬᠢ ᠠᠴᠠ ᠨᠡᠮᠡᠭᠳᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠳᠠᠷᠤᠯᠲᠠ ᠨᠡᠮᠡᠭᠳᠡᠪᠡ᠃ ᠣᠳᠣᠬᠠᠨ ᠤ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠢ ᠪᠦᠲᠦᠮᠵᠢᠲᠡᠶ | ᠠᠷᠭᠠᠴᠠᠭᠠᠬᠤ ᠶᠢᠨ ᠲᠤᠰᠠᠳᠠ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠣᠶ ᠰᠢᠭᠤᠢ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠢᠯᠡᠴᠢᠯᠡᠨ ᠮᠡᠳᠡᠭᠦᠯᠬᠦ ᠲᠣᠭᠲᠠᠴᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠷᠢᠯᠭ᠎ᠠ ᠪᠠᠷᠢᠬᠤ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠬᠡᠭᠡᠷ᠎ᠡ | ᠭᠠᠳᠠᠨ᠎ᠠ ᠵᠢᠭᠤᠯᠴᠢᠯᠠᠬᠤ ᠵᠡᠷᠭᠡ ᠭᠤᠣᠯᠳᠠᠯᠭ᠎ᠠ ᠲᠠᠢ ᠬᠥᠮᠥᠰ ᠤᠨ ᠭᠠᠯ ᠬᠡᠷᠡᠭᠯᠡᠬᠦ ᠶᠢ ᠬᠠᠮᠢᠶᠠᠷᠤᠨ ᠡᠵᠡᠮᠳᠡᠵᠦ᠂ ᠬᠡᠭᠡᠷ᠎ᠡ | ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠦᠨᠡᠨ | ᠬᠦ ᠰᠠᠶᠢᠲᠤᠷ ᠠᠳᠬᠤᠵᠤ᠂ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ | ᠭᠠᠯ ᠤᠨ ᠠᠶᠤᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠵᠢᠭᠦᠷᠯᠡᠨ ᠰᠠᠬᠢᠬᠤ ᠠᠵᠢᠯ ᠢ | ᠴᠢᠩᠭᠠᠳᠬᠠᠵᠤ᠂ ︽ᠭᠠᠯ ᠤᠨ ᠠᠶᠤᠯ ᠡᠭᠦᠰᠪᠡᠯ ᠵᠠᠪᠠᠯ ᠮᠡᠳᠡᠭᠦᠯᠬᠦ︾᠂ ︽ᠮᠡᠳᠡᠭᠦᠯᠪᠡᠯ ᠵᠠᠪᠠᠯ ᠤᠨᠲᠠᠷᠠᠭᠠᠬᠤ︾ ᠪᠠ ︽ᠡᠳᠦᠷ | ᠪᠦ᠋ᠷᠢ ᠶᠢᠨ ᠮᠡᠳᠡᠭᠦᠯᠦᠯᠲᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ | ᠣᠷᠣᠨ ᠨᠤᠭᠤᠳ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠡᠭᠦᠷᠭᠡ ᠪᠠᠨ | ᠰᠠᠶᠢᠲᠤᠷ ᠪᠡᠶᠡᠯᠡᠭᠦᠯᠵᠦ᠂ ᠬᠢᠯᠢ ᠶᠢᠨ ᠭᠠᠳᠠᠨᠠᠬᠢ ᠭᠠᠯ ᠲᠦᠢᠮᠡᠷ ᠢ ᠰᠡᠷᠭᠡᠶᠢᠯᠡᠨ ᠬᠤᠷᠢᠭᠯᠠᠬᠤ ᠠᠵᠢᠯ ᠢ ᠪᠥᠬᠦ | ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ | ᠢᠷᠡᠬᠦ ᠵᠢᠯ᠂ ᠮᠠᠨ ᠤ ᠠᠶᠢᠮᠠᠭ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠣᠷᠣᠨ ᠪᠦᠰᠡ 12 | ᠬᠤᠰᠢᠭᠤ ᠰᠢᠶᠠᠨ ᠬᠤᠲᠠ ︵ᠣᠷᠣᠨ︶ ᠶᠢᠨ 65 ᠰᠤᠮᠤ ︵ᠰᠢᠶᠠᠩ᠂ ᠪᠠᠯᠭᠠᠰᠤ︶ ᠶᠢᠨ 584 ᠭᠠᠴᠠᠭ᠎ᠠ ᠲᠣᠰᠬᠤᠨ | ︵ᠬᠤᠪᠢᠶᠠᠷᠢ ᠲᠠᠯᠠᠪᠠᠶ︶ ᠳᠤ ᠬᠤᠯᠪᠣᠭᠳᠠᠵᠤ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ︽ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ | ᠬᠡᠷᠡᠭᠵᠢᠭᠦᠯᠬᠦ ᠲᠥᠰᠥᠯ︾ ᠢ ᠤᠷᠢᠳᠴᠢᠯᠠᠨ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠣᠶ ᠰᠢᠭᠤᠢ ᠶᠢᠨ ᠳᠠᠷᠤᠭ᠎ᠠ | + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ | ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠴᠠᠭᠳᠠᠨ | ᠪᠠᠶᠢᠴᠠᠭᠠᠬᠤ ᠶᠢ ᠴᠢᠩᠭᠠᠳᠬᠠᠨ᠂ ᠪᠥᠬᠦ ᠠᠶᠢᠮᠠᠭ ᠤᠨ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠢᠴᠢ ᠬᠠᠤᠯᠢ ᠲᠣᠭᠲᠠᠭᠠᠯ ᠠᠴᠠ | ᠵᠥᠷᠢᠴᠡᠨ ᠮᠠᠯ ᠮᠠᠯᠵᠢᠬᠤ ᠦᠢᠯᠡ ᠠᠵᠢᠯᠯᠠᠭ᠎ᠠ᠂ ᠨᠤᠲᠤᠭ ᠪᠡᠯᠴᠢᠭᠡᠷ ᠤᠨ ᠠᠮᠢᠳᠤ ᠪᠣᠳᠠᠰ ᠪᠠ ᠪᠠᠶᠢᠭᠠᠯᠢ ᠶᠢᠨ ᠭᠠᠢ | ᠭᠠᠮᠰᠢᠭ ᠲᠤ ᠨᠤᠲᠤᠭ ᠪᠡᠯᠴᠢᠭᠡᠷ ᠤᠨ ᠲᠣᠥᠷᠴᠢᠯᠬᠠᠰᠠᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | | |