ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ
ᠨᠡᠶᠢᠲᠡᠯᠡᠭᠰᠡᠨ ᠴᠠᠭ᠄
2025/3/1
     ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 28᠎ ᠤ ᠡᠳᠦᠷ ᠤᠨ ᠮᠡᠳᠡᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 2 ᠰᠠᠷ᠎ᠠ ᠶᠢᠨ 28᠎ ᠤ ᠡᠳᠦᠷ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠤᠨ ᠬᠢᠨᠠᠨ ᠶᠠᠷᠢᠯᠴᠠᠭᠤᠯᠬᠤ ᠎ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠨᠤᠤᠷᠠᠭ ᠢ ᠶᠠᠷᠢᠯᠴᠠᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃     ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠶ ᠶᠢᠨ ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠢᠶᠠᠷ ᠠᠭᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃     ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠦᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠣᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠣᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂  ᠬᠥᠭᠵᠢᠯᠲᠡ  ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠯᠡᠵᠦ᠂ ᠨᠠᠩ ᠢᠳᠡᠪᠬᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠤᠺ ᠎ ᠤᠨ ᠵᠠᠬ᠎ᠠ ᠲᠡᠯᠭᠡᠭᠦᠷ ᠢ ᠲᠣᠭᠲᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠲᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠶᠢᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号