︽ᠮᠣᠩᠭᠤᠯ ᠠᠳᠤᠭᠤ︾ ᠰᠡᠳᠬᠦᠯ ᠡᠬᠡ ᠪᠢᠴᠢᠭ ᠲᠤᠭᠤᠷᠪᠢᠭᠰᠠᠳ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/1
     ︽ᠮᠣᠩᠭᠤᠯ ᠠᠳᠤᠭᠤ︾ ᠰᠡᠳᠬᠦᠯ ᠤᠨ ᠠᠵᠢᠯ ᠤᠨ ᠬᠤᠷᠠᠯ ᠵᠢᠴᠢ ᠡᠬᠡ ᠪᠢᠴᠢᠭ ᠲᠤᠭᠤᠷᠪᠢᠭᠰᠠᠳ ᠤᠨ ᠪᠣᠯᠪᠠᠰᠤᠷᠠᠯ ᠰᠢᠯᠢ ᠶᠢᠨ ᠬᠤᠳᠠ ᠳᠤ ᠶᠠᠪᠤᠭᠳᠠᠪᠠ᠃ ᠪᠣᠯᠪᠠᠰᠤᠷᠠᠯ ᠳᠤ ᠪᠦᠬᠦ ᠣᠷᠣᠨ ᠤ ᠡᠯ᠎ᠡ ᠠᠶᠢᠮᠠᠭ ᠬᠤᠳᠠ ᠠᠴᠠ ᠭᠠᠳᠠᠨ᠎ᠠ ᠪᠡᠭᠡᠵᠢᠩ᠂ ᠰᠢᠨᠵᠢᠶᠠᠩ᠂ ᠭᠠᠨᠰᠤ᠂ ᠬᠥᠬᠡᠨᠠᠭᠤᠷ ᠵᠡᠷᠭᠡ ᠭᠠᠵᠠᠷ ᠣᠷᠣᠨ ᠤ ᠡᠷᠳᠡᠮᠲᠡᠨ ᠰᠤᠳᠤᠯᠭᠠᠲᠠᠨ ᠪᠣᠯᠣᠨ ᠡᠬᠡ ᠪᠢᠴᠢᠭ ᠲᠤᠭᠤᠷᠪᠢᠭᠰᠠᠳ ᠣᠷᠣᠯᠴᠠᠪᠠ᠃     ᠪᠣᠯᠪᠠᠰᠤᠷᠠᠯ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠲᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠳᠬ᠎ᠠ ᠵᠣᠬᠢᠶᠠᠯ ᠤᠨ ᠬᠦᠷᠢᠶᠡᠯᠡᠩ ᠤᠨ ᠫᠷᠤᠹᠰᠰᠤᠷ᠂ ᠳ᠋ᠣᠺᠲ᠋ᠣᠷ ᠤᠨ ᠵᠢᠯᠣᠭᠤᠳᠤᠭᠴᠢ ᠪᠠᠭᠰᠢ ᠮᠢᠩᠭᠠᠳ ᠡᠷᠳᠡᠮᠳᠤ᠂ ᠬᠦᠬᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠫᠷᠤᠹᠰᠰᠤᠷ᠂ ︽ᠮᠣᠩᠭᠤᠯ ᠤᠨ ᠰᠤᠳᠤᠯᠤᠯ︾ ᠰᠡᠳᠬᠦᠯ ᠤᠨ ᠳᠡᠳ᠋ ᠡᠷᠬᠢᠯᠡᠨ ᠨᠠᠶᠢᠷᠠᠭᠤᠯᠤᠭᠴᠢ ᠦᠵᠦᠮ᠂ ᠰᠢᠨᠵᠢᠶᠠᠩ ᠶᠡᠭᠡ ᠰᠤᠷᠭᠠᠭᠤᠯᠢ ᠶᠢᠨ ᠲᠡᠦᠬᠡ ᠶᠢᠨ ᠰᠠᠯᠪᠤᠷᠢ ᠶᠢᠨ ᠲᠤᠰᠠᠯᠠᠭᠴᠢ ᠰᠤᠳᠤᠯᠤᠭᠴᠢ ᠣ · ᠲᠠᠶᠢᠪᠤᠩ ᠵᠡᠷᠭᠡ ᠡᠷᠳᠡᠮᠲᠡᠨ ᠢ ᠤᠷᠢᠵᠤ᠂ ︽ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠠᠷᠠᠭᠠᠨ ᠳᠠᠬᠢ ᠤᠮᠠᠷᠠᠲᠤ ᠶᠢᠨ ᠤᠯᠠᠨ ᠬᠡᠯᠡᠨ ᠤ ᠰᠤᠷᠪᠤᠯᠵᠢ ᠪᠢᠴᠢᠭ ᠲᠡᠦᠬᠡᠨ ᠮᠠᠲ᠋ᠧᠷᠢᠶᠠᠯ ᠢ ᠪᠠᠶᠢᠭᠤᠯᠬᠤ ᠶᠢᠨ ᠴᠢᠬᠤᠯᠠ ᠴᠢᠨᠠᠷ︾ ︽ᠲᠣᠭᠠᠴᠢᠯᠠᠭᠰᠠᠨ ᠴᠠᠭ ᠦᠶ᠎ᠡ ᠳᠠᠬᠢ ᠨᠡᠶᠢᠭᠡᠮ ᠤᠨ ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠨᠠᠶᠢᠷᠠᠭᠤᠯᠤᠭᠴᠢ ᠶᠢᠨ ᠭᠤᠣᠯᠯᠠᠭᠴᠢ ᠴᠢᠳᠠᠪᠤᠷᠢ ᠶᠢ ᠲᠡᠭᠡᠭᠰᠢᠯᠡᠬᠦᠯᠬᠦ ᠲᠤᠬᠠᠢ︾ ︽ᠥᠭᠦᠯᠡᠯ ᠤᠨ ᠬᠡᠯᠡ ᠨᠠᠶᠢᠷᠠᠭᠤᠯᠭ᠎ᠠ ᠶᠢᠨ ᠲᠤᠬᠠᠢ︾ ᠭᠡᠬᠦ ᠠᠭᠤᠯᠭ᠎ᠠ ᠶᠢᠨ ᠲᠣᠭᠤᠷᠢᠨ ᠳᠤ ᠭᠦᠨ ᠭᠦᠨᠵᠡᠭᠡᠢ᠂ ᠰᠢᠰᠲ᠋ᠧᠮ ᠲᠠᠢ ᠲᠠᠶᠢᠯᠪᠤᠷᠢᠯᠠᠵᠤ᠂ ︽ᠮᠣᠩᠭᠤᠯ ᠠᠳᠤᠭᠤ︾  ᠰᠡᠳᠬᠦᠯ ᠤᠨ ᠨᠠᠶᠢᠷᠠᠭᠤᠯᠬᠤ ᠺᠣᠮᠢᠰ ᠤᠨ ᠭᠡᠰᠢᠭᠦᠳ ᠪᠣᠯᠣᠨ ᠡᠬᠡ ᠪᠢᠴᠢᠭ ᠲᠤᠭᠤᠷᠪᠢᠭᠰᠠᠳ ᠲᠤ ᠤᠯᠠᠨ ᠬᠡᠯᠡᠨ ᠠᠴᠠ ᠰᠤᠷᠪᠤᠯᠵᠢ ᠪᠢᠴᠢᠭ ᠢ ᠠᠰᠢᠭᠯᠠᠵᠤ ᠰᠤᠳᠤᠯᠭᠠᠨ ᠬᠢᠬᠦ ᠪᠤᠶᠤ ᠡᠬᠡ ᠪᠢᠴᠢᠭ ᠲᠤᠭᠤᠷᠪᠢᠬᠤ ᠶᠢᠨ ᠴᠢᠬᠤᠯᠠ ᠴᠢᠨᠠᠷ ᠢ ᠲᠠᠨᠢᠭᠤᠯᠤᠭᠰᠠᠨ ᠪᠥᠭᠡᠳ ᠠᠳᠤᠭᠤᠨ ᠰᠣᠶᠣᠯ ᠢᠶᠠᠨ ᠤᠯᠠᠮᠵᠢᠯᠠᠨ ᠬᠥᠭᠵᠢᠭᠦᠯᠵᠦ᠂ ᠠᠳᠤᠭᠤᠨ ᠤ ᠦᠢᠯᠡᠰ ᠢ ᠬᠥᠭᠵᠢᠭᠦᠯᠬᠦ ᠲᠤᠬᠠᠢ ᠰᠠᠨᠠᠯ ᠪᠤᠳᠤᠯ᠂ ᠠᠷᠭ᠎ᠠ ᠲᠤᠷᠰᠢᠯᠭ᠎ᠠ ᠪᠠᠨ ᠰᠣᠯᠢᠯᠴᠠᠪᠠ᠃     ︽ᠮᠣᠩᠭᠤᠯ ᠠᠳᠤᠭᠤ︾ ᠰᠡᠳᠬᠦᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠣᠯᠯᠠᠨ ᠬᠠᠮᠢᠶᠠᠷᠴᠤ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠭᠤᠣᠯᠯᠠᠨ ᠡᠷᠬᠢᠯᠡᠵᠤ᠂ ︽ᠮᠣᠩᠭᠤᠯ ᠠᠳᠤᠭᠤ︾ ᠰᠡᠳᠬᠦᠯ ᠤᠨ ᠨᠠᠶᠢᠷᠠᠭᠤᠯᠬᠤ ᠬᠡᠯᠲᠡᠰ ᠠᠴᠠ ᠨᠠᠶᠢᠷᠠᠭᠤᠯᠤᠨ ᠬᠡᠪᠯᠡᠭᠦᠯᠵᠦ ᠪᠠᠶᠢᠭ᠎ᠠ ᠰᠣᠶᠣᠯ ᠰᠢᠨᠵᠢᠯᠡᠭᠡᠨ ᠤ ᠤᠯᠠᠷᠢᠯ ᠤᠨ ᠰᠡᠳᠬᠦᠯ ᠪᠣᠯᠣᠨ᠎ᠠ᠃ ᠲᠤᠰ ᠰᠡᠳᠬᠦᠯ ᠨᠢ ᠲᠤᠮᠳᠠᠳᠤ ᠤᠯᠤᠰ ᠤᠨ ᠠᠳᠤᠭᠤᠨ ᠰᠡᠳᠦᠪᠲᠦ ᠰᠣᠶᠣᠯ ᠰᠤᠳᠤᠯᠭᠠᠨ ᠤ ᠴᠣᠷᠢ ᠶᠢᠨ ᠭᠠᠭᠴᠠ ᠰᠡᠳᠬᠦᠯ ᠪᠠᠶᠢᠵᠤ᠂ ᠠᠭᠤᠯᠭ᠎ᠠ ᠶᠢᠨ ᠬᠤᠪᠢ ᠳᠤ ᠮᠣᠩᠭᠤᠯ ᠠᠳᠤᠭᠤᠨ ᠤ ᠲᠡᠦᠬᠡ ᠰᠣᠶᠣᠯ ᠢ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ ᠮᠣᠩᠭᠤᠯ ᠠᠳᠤᠭᠤᠨ ᠤ ᠲᠤᠬᠠᠢ ᠡᠷᠳᠡᠮ ᠰᠢᠨᠵᠢᠯᠡᠭᠡᠨ ᠢ ᠲᠤᠪᠤᠶᠢᠯᠭᠠᠵᠤ᠂ ︽ᠲᠣᠷᠭᠠᠨ ᠬᠠᠭᠤᠳᠠᠰᠤ︾ ︽ᠰᠤᠳᠤᠯᠤᠯ ᠰᠢᠨᠵᠢᠯᠡᠭᠡ︾ ︽ᠰᠣᠶᠣᠯ ᠤᠯᠠᠮᠵᠢᠯᠠᠯ︾ ︽ᠠᠮᠠᠨ ᠲᠡᠦᠬᠡ︾ ᠵᠡᠷᠭᠡ ᠤᠯᠠᠨ ᠪᠤᠯᠤᠩ ᠲᠠᠢ᠃ ᠣᠳᠣᠬᠠᠨ ᠪᠤᠯᠳᠠᠯ᠎ᠠ᠂ ᠨᠢᠭᠡᠨᠲᠡ 33 ᠬᠤᠭᠤᠴᠠᠭ᠎ᠠ ᠬᠡᠪᠯᠡᠭᠦᠯᠵᠦ᠂ 1000 ᠣᠷᠴᠢᠮ ᠥᠭᠦᠯᠡᠯ ᠵᠣᠬᠢᠶᠠᠯ ᠨᠡᠶᠢᠲᠡᠯᠡᠵᠦ᠂ ᠵᠣᠬᠢᠶᠠᠭᠴᠢ ᠪᠣᠯᠣᠨ ᠲᠠᠷᠬᠠᠭᠠᠯᠲᠠ ᠶᠢᠨ ᠬᠦᠷᠢᠶ᠎ᠡ ᠬᠡᠪᠴᠢᠶ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠳᠠᠨ᠎ᠠ ᠪᠡᠭᠡᠵᠢᠩ᠂ ᠰᠢᠨᠵᠢᠶᠠᠩ᠂ ᠬᠥᠬᠡᠨᠠᠭᠤᠷ᠂ ᠭᠠᠨᠰᠤ ᠵᠡᠷᠭᠡ ᠭᠠᠵᠠᠷ ᠣᠷᠣᠨ ᠴᠢᠨᠠᠭᠰᠢᠯᠠᠪᠠᠯ ᠮᠣᠩᠭᠤᠯ ᠤᠯᠤᠰ᠂ ᠶᠠᠫᠤᠨ ᠤᠯᠤᠰ᠂ ᠤᠷᠤᠰ ᠤᠨ ᠬᠤᠯᠪᠣᠭᠠᠨ ᠤ ᠪᠦᠬᠦᠳᠡ ᠨᠠᠶᠢᠷᠠᠮᠳᠠᠬᠤ ᠬᠠᠯᠢᠮᠠᠭ ᠤᠯᠤᠰ ᠲᠤ ᠬᠦᠷᠳᠡᠯ᠎ᠡ ᠥᠷᠭᠡᠵᠢᠵᠦ᠂ ᠨᠡᠩ ᠤᠯᠠᠨ ᠬᠥᠮᠥᠰ ᠤᠨ ᠠᠳᠤᠭᠤᠨ ᠰᠣᠶᠣᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠠᠳᠤᠭᠤ ᠪᠠᠷ ᠰᠤᠳᠤᠯᠤᠭᠳᠠᠬᠤᠨ ᠪᠤᠯᠭᠠᠭᠰᠠᠨ ᠡᠷᠳᠡᠮ ᠰᠢᠨᠵᠢᠯᠡᠭᠡᠨ ᠤ ᠠᠵᠢᠯ ᠢ ᠠᠬᠢᠭᠤᠯᠬᠤ ᠳᠤ ᠦᠢᠯᠡᠴᠢᠯᠡᠪᠡ᠃ ︽ᠬᠤᠶᠢᠰᠢᠳᠠ᠂ ᠮᠠᠨ ᠤ ᠰᠡᠳᠬᠦᠯ ᠨᠢ ᠡᠬᠡ ᠪᠢᠴᠢᠭ ᠤᠨ ᠢᠶᠠᠨ ᠴᠢᠨᠠᠷᠵᠢᠯ ᠢ ᠦᠷᠬᠦᠯᠵᠢᠯᠡᠨ ᠪᠠᠲᠤᠯᠠᠵᠤ᠂ ᠨᠡᠶᠢᠭᠡᠮ ᠤᠨ ᠬᠥᠭᠵᠢᠯᠲᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠤᠯᠤᠨ ᠨᠡᠩ ᠤᠯᠠᠨ ᠭᠦᠨᠴᠡ ᠲᠠᠢ᠂ ᠴᠢᠨᠠᠷ ᠲᠠᠢ ᠥᠭᠦᠯᠡᠯ ᠵᠣᠬᠢᠶᠠᠯ ᠲᠤᠭᠤᠷᠪᠢᠨ ᠨᠡᠶᠢᠲᠡᠯᠡᠵᠦ᠂ ᠠᠳᠤᠭᠤᠨ ᠰᠣᠶᠣᠯ ᠤᠨ ᠬᠥᠭᠵᠢᠯᠲᠡ᠂ ᠠᠳᠤᠭᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠪᠠᠨ ᠭᠡᠷ ᠤᠨ ᠡᠷᠬᠢᠯᠡᠭᠴᠢ᠂ ︽ᠮᠣᠩᠭᠤᠯ ᠠᠳᠤᠭᠤ︾ ᠰᠡᠳᠬᠦᠯ ᠤᠨ ᠨᠠᠶᠢᠷᠠᠭᠤᠯᠬᠤ ᠺᠣᠮᠢᠰ ᠤᠨ ᠭᠡᠰᠢᠭᠦᠨ᠂ ᠳᠡᠳ᠋ ᠰᠤᠳᠤᠯᠤᠭᠴᠢ ᠨᠠᠷᠠᠰᠤ ᠶᠠᠷᠢᠪᠠ᠃     ᠬᠤᠷᠠᠯ ᠳᠡᠭᠡᠷ᠎ᠡ ᠪᠠᠰᠠ ᠰᠢᠯᠤᠭᠤᠨ ᠬᠥᠬᠡ ᠬᠤᠰᠢᠭᠤᠨ ᠤ ᠬᠤᠭᠤᠯᠠᠲᠤ ᠶᠢᠨ ᠭᠤᠣᠯ ᠭᠡᠷᠡᠯ ᠵᠢᠷᠤᠭ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ᠂ ᠵᠡᠭᠦᠨ ᠦᠵᠦᠮᠦᠴᠢᠨ ᠬᠤᠰᠢᠭᠤᠨ ᠤ ᠰᠢᠷᠭ᠎ᠠ ᠠᠳᠤᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠨᠢᠭᠡᠴᠢ ᠳᠤ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠮᠣᠩᠭᠤᠯ ᠠᠳᠤᠭᠤ︾ ᠰᠡᠳᠬᠦᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠢᠯᠡᠷᠬᠡᠶᠢᠯᠡᠯ ᠣᠯᠭᠤᠭᠰᠠᠨ ᠪᠠ ᠪᠣᠯᠪᠠᠰᠤᠷᠠᠯ ᠤᠨ ᠬᠤᠭᠤᠴᠠᠭᠠᠨ ᠳᠤ ᠤᠯᠠᠨ ᠤᠯᠤᠰ ᠤᠨ ᠮᠣᠩᠭᠤᠯ ᠡᠮᠨᠡᠯᠬᠡ ᠶᠢᠨ ᠬᠤᠷᠢᠶᠠᠨ ᠤ ᠴᠡᠭᠡ ᠶᠢᠨ ᠡᠮᠴᠢᠯᠡᠭᠡᠨ ᠤ ᠲᠠᠰᠤᠭ ᠪᠣᠯᠣᠨ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠷᠢᠨ ᠮᠡᠷᠭᠡᠵᠢᠯ ᠤᠨ ᠰᠠᠯᠪᠤᠷᠢ ᠪᠠᠷ ᠲᠣᠭᠤᠷᠢᠨ ᠦᠵᠡᠪᠡ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号