ᠮᠠᠨ ᠤ ᠠᠶᠢᠮᠠᠭ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠡᠭᠦᠳᠪᠡ
ᠨᠡᠶᠢᠲᠡᠯᠡᠭᠰᠡᠨ ᠴᠠᠭ᠄
2025/3/1
     ᠣᠶᠢᠷ᠎ᠠ ᠶᠢᠨ ᠵᠢᠯ᠂ ᠰᠢᠯᠢ ᠶᠢᠨ ᠭᠤᠣᠯ ᠠᠶᠢᠮᠠᠭ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠢ ᠬᠦᠴᠦᠷᠬᠡᠭᠵᠢᠭᠦᠯᠬᠦ᠂ ᠬᠡᠯᠬᠢᠶ᠎ᠡ ᠮᠠᠶ᠋ᠢᠭ ᠢᠶᠠᠷ ᠬᠥᠭᠵᠢᠭᠦᠯᠬᠦ᠂ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠡᠭᠦᠳᠪᠡ᠃     ᠥᠪᠥᠷ ᠮᠣᠩᠭᠤᠯ ᠤᠨ ᠢ ᠮᠦ ᡁᠢ ᠯᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ᠂ ᠳᠡᠯᠭᠡᠴᠡᠨ ᠳᠡᠭᠡᠷ᠎ᠡ ᠮᠠᠯᠴᠢᠳ ᠪᠣᠯᠣᠨ ᠮᠠᠯ ᠰᠦᠷᠦᠭ ᠤᠨ ᠦᠨᠳᠦᠰᠦᠨ ᠮᠡᠳᠡᠭᠡ ᠵᠠᠩᠭᠢ ᠵᠢᠴᠢ ᠲᠤᠭ᠎ᠠ ᠪᠠᠷᠢᠮᠲᠠ ᠶᠢᠨ ᠬᠤᠪᠢᠷᠠᠯᠲᠠ ᠲᠠᠷᠬᠠᠯᠲᠠ ᠶᠢᠨ ᠵᠢᠷᠤᠭ ᠢ ᠳᠡᠯᠭᠡᠨ ᠦᠵᠡᠭᠦᠯᠵᠦ᠂ ᠺᠤᠮᠫᠠᠨᠢ ᠠᠴᠠ ᠮᠠᠯ ᠠᠵᠤ ᠠᠬᠤᠢ ᠶᠢᠨ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠣᠬᠠᠨ ᠳᠤ᠂ ᠲᠣᠰ ᠲᠠᠪᠴᠠᠩ ᠨᠢ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠷᠭᠡᠵᠢᠯᠲᠡᠨ᠂ ᠨᠢᠲᠤᠯᠵᠤ ᠡᠳ᠋ᠰᠢᠭᠦᠯᠬᠦ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠣᠯᠠᠨ ᠦᠵᠦᠭᠦᠷᠯᠢᠭ ᠢ ᠠᠮᠵᠢᠯᠲᠠ ᠲᠠᠢ ᠵᠠᠯᠭᠠᠨ ᠣᠷᠣᠭᠤᠯᠵᠤ᠂ ᠮᠠᠯᠴᠢᠳ ᠬᠤᠯᠪᠣᠭᠳᠠᠯ ᠪᠦᠬᠦᠢ ᠬᠡᠷᠡᠭᠴᠡᠭᠡ ᠱᠠᠭᠠᠷᠳᠠᠯᠭ᠎ᠠ ᠲᠠᠢ ᠪᠣᠯᠬᠤ ᠦᠶ᠎ᠡ ᠳᠤ ᠲᠠᠪᠴᠠᠩ ᠠᠴᠠ ᠠᠵᠤ ᠠᠬᠤᠶᠢᠯᠠᠯ ᠳᠤ ᠦᠳᠲᠡᠷ ᠲᠦᠷᠭᠡᠨ ᠵᠠᠷᠯᠢᠭ ᠪᠠᠭᠤᠯᠭᠠᠵᠤ᠂ ᠳᠡᠭᠡᠳᠦ ᠳᠣᠣᠷᠠᠳᠤ ᠤᠷᠤᠰᠬᠠᠯ ᠬᠠᠮᠵᠢᠯᠴᠠᠭᠰᠠᠨ ᠣᠶᠤᠨᠴᠢ ᠬᠠᠩᠭᠠᠯᠭ᠎ᠠ ᠶᠢᠨ ᠬᠡᠯᠬᠢᠶ᠎ᠡ ᠶᠢ ᠬᠤᠷᠣᠮᠬᠠᠨ ᠵᠠᠭᠤᠷ᠎ᠠ ᠪᠥᠷᠢᠯᠳᠦᠭᠦᠯᠳᠡᠭ᠃ ᠲᠣᠰ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠦ ᠰᠢᠨ ᠶᠠ ᠢᠯᠡᠷᠬᠡᠶᠢᠯᠡᠬᠦ ᠳᠡᠭᠡᠨ᠄ ︽ᠢᠷᠡᠭᠡᠳᠦᠢ ᠳᠤ ᠨᠠᠩ ᠣᠯᠠᠨ ᠲᠤᠭ᠎ᠠ ᠪᠠᠷᠢᠮᠲᠠ ᠶᠢ ᠲᠣᠰ ᠠᠵᠢᠯ ᠲᠥᠷᠥᠯ ᠳᠤ ᠬᠡᠷᠡᠭᠯᠡᠵᠦ᠂ ᠪᠦᠬᠦ᠋ᠢᠯᠡ ᠠᠵᠢᠯ ᠲᠥᠷᠥᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠨ᠎ᠡ︾ ᠭᠡᠪᠡ᠃     ᠮᠠᠨ ᠤ ᠠᠶᠢᠮᠠᠭ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ 6000 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠨᠡᠭᠡᠭᠡᠨ ᠬᠥᠭᠵᠢᠭᠦᠯᠵᠦ᠂ 1 ᠳ᠋ᠦᠩᠰᠢᠭᠤᠷ ᠺᠢᠯᠣᠸᠠᠲ ᠠᠴᠠ ᠳᠡᠭᠡᠭᠰᠢ ᠬᠡᠷᠡᠯᠴᠢ ᠴᠡᠨᠡᠭ ᠢ ᠨᠡᠭᠡᠭᠡᠨ ᠬᠥᠭᠵᠢᠭᠦᠯᠵᠦ ᠪᠣᠯᠣᠨ᠎ᠠ᠃ 2023 ᠣᠨ ᠤ ᠰᠡᠭᠦᠯᠴᠢ ᠳᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ 1968 ᠲᠦᠮᠡᠨ ᠺᠢᠯᠣᠸᠠᠲ ᠲᠤ ᠬᠦᠷᠴᠦ᠂ ᠵᠢᠯ ᠳᠤ 370 ᠳ᠋ᠦᠩᠰᠢᠭᠤᠷ ᠺᠢᠯᠣᠸᠠᠲ ᠠᠴᠠ ᠳᠡᠭᠡᠭᠰᠢ ᠪᠣᠬᠢᠷᠳᠤᠯ ᠦᠭᠡᠢ ᠴᠠᠬᠢᠯᠭᠠᠨ ᠭᠠᠷᠭᠠᠵᠤ ᠪᠤᠢ᠃ 2024 ᠣᠨ ᠳᠤ᠂ ᠮᠠᠨ ᠤ ᠠᠶᠢᠮᠠᠭ ᠣᠶᠤᠨᠴᠢ ᠠᠵᠢᠯᠯᠠᠭᠤᠯᠵᠤ ᠪᠠᠲᠤᠯᠠᠬᠤ ᠡᠨᠧᠷᠭᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠣᠳᠣᠬᠠᠨ ᠳᠤ ᠶᠠᠭ ᠠᠶᠢᠮᠠᠭ ᠤᠨ ᠱᠠᠲᠤᠨ ᠤ ᠰᠢᠨ᠎ᠡ ᠡᠨᠧᠷᠭᠢ ᠶᠢᠨ ᠣᠶᠤᠨᠴᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠪᠣᠶ᠃ ᠲᠠᠪᠴᠠᠩ ᠨᠢ ᠲᠥᠪᠯᠡᠷᠡᠭᠦᠯᠦᠨ ᠬᠢᠨᠠᠨ ᠡᠵᠡᠮᠳᠡᠬᠦ᠂ ᠠᠵᠢᠯᠯᠠᠭᠤᠯᠵᠤ ᠪᠠᠲᠤᠯᠠᠬᠤ ᠪᠠᠶᠢᠴᠠᠭᠠᠨ ᠵᠠᠰᠠᠬᠤ ᠵᠡᠷᠭᠡ ᠣᠯᠠᠨ ᠴᠢᠳᠠᠮᠵᠢ ᠲᠠᠢ ᠪᠠᠶᠢᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠳᠡᠯᠭᠡᠨ ᠦᠵᠡᠭᠦᠯᠬᠦ᠂ ᠬᠠᠳᠠᠭᠠᠯᠠᠬᠤ ᠵᠡᠷᠭᠡ ᠪᠥᠬᠦ ᠶᠠᠪᠤᠴᠠ ᠶᠢ ᠣᠶᠤᠨᠴᠢ ᠪᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ ᠪᠣᠯᠣᠨ᠎ᠠ᠃     ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠤᠭᠰᠠᠨ ᠨᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠬᠦᠴᠦᠲᠡᠢ ᠲᠤᠯᠭᠠᠭᠤᠷᠢᠯᠠᠯ ᠠᠴᠠ ᠰᠠᠯᠵᠤ ᠴᠢᠳᠠᠰᠢ ᠦᠭᠡᠢ ᠶᠤᠮ᠂ 2021 ᠣᠨ ᠠᠴᠠ ᠨᠠᠭᠠᠰᠢ ᠰᠢᠯᠢ ᠶᠢᠨ ᠭᠤᠣᠯ ᠠᠶᠢᠮᠠᠭ ᠮᠡᠳᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠶᠢ ᠡᠭᠦᠳᠬᠦ ᠬᠥᠭᠵᠢᠯᠲᠡ ᠶᠢᠨ ᠴᠢᠬᠤᠯᠠ ᠬᠥᠳᠡᠯᠭᠡᠬᠦ ᠬᠦᠴᠦᠨ ᠪᠣᠯᠭᠠᠵᠤ᠂ 5G ᠶᠢᠨ ᠰᠠᠭᠤᠷᠢ ᠥᠷᠲᠡᠭᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠣᠲᠣ ᠪᠣᠯᠲᠠᠯ᠎ᠠ ᠪᠥᠬᠦ ᠠᠶᠢᠮᠠᠭ ᠢᠶᠠᠷ ᠢᠶᠠᠨ 5G ᠶᠢᠨ ᠰᠠᠭᠤᠷᠢ ᠥᠷᠲᠡᠭᠡ ᠶᠢ ᠨᠡᠶᠢᠲᠡ 4509 ᠶᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ 5G ᠶᠢᠨ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠲᠤᠭ᠎ᠠ ᠬᠡᠮᠵᠢᠶ᠎ᠡ ᠪᠠᠷ ᠪᠥᠬᠦ ᠣᠷᠣᠨ ᠳᠤ ᠲᠡᠷᠢᠭᠦᠯᠡᠪᠡ᠃     ᠮᠡᠳᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠳᠤ ᠰᠠᠭᠤᠷᠢᠯᠠᠨ᠂ ᠮᠠᠨ ᠤ ᠠᠶᠢᠮᠠᠭ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡ ᠪᠠ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠣᠳᠣᠬᠠᠨ ᠳᠤ᠂ ᠪᠥᠬᠦ ᠠᠶᠢᠮᠠᠭ ᠲᠤ ᠨᠢᠭᠡᠨᠲᠡ 16 ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠵᠤ᠂ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠣᠷᠣᠨ︶ ᠶᠢ ᠪᠦᠷᠬᠦᠭᠦᠯᠦᠨ᠂ 272 ᠠᠵᠤ ᠠᠬᠤᠶᠢᠯᠠᠯ᠂ 500 ᠢᠵᠢ ᠲᠥᠬᠦᠭᠡᠷᠦᠮᠵᠢ ᠶᠢ ᠵᠠᠯᠭᠠᠨ ᠣᠷᠣᠭᠤᠯᠪᠠ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号