ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 28 ᠤ ᠡᠳᠦᠷ ᠤᠨ ᠮᠡᠳᠡᠭᠡ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 2 ᠰᠠᠷ᠎ᠠ ᠶᠢᠨ 28 ᠤ ᠡᠳᠦᠷ ᠬᠤᠷᠠᠯ | ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠤᠨ ᠬᠢᠨᠠᠨ ᠶᠠᠷᠢᠯᠴᠠᠭᠤᠯᠬᠤ | ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠤᠤᠷᠠᠭ ᠢ ᠶᠠᠷᠢᠯᠴᠠᠪᠠ᠃ ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ | ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠵᠤ᠂ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ ᠮᠠᠨ ᠤ ᠤᠯᠤᠰ ᠤᠨ | ᠠᠵᠤ ᠠᠬᠤᠶ ᠶᠢᠨ ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ | ᠴᠢᠨᠠᠷ ᠰᠠᠶᠢᠲᠠᠶ ᠬᠥᠭᠵᠢᠯᠲᠡ ᠯᠠᠪᠳᠠᠭᠤᠨ ᠢᠶᠠᠷ ᠠᠭᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠦᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠣᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠵᠦᠪ ᠣᠨᠣᠪᠴᠢᠲᠠᠶ ᠪᠦᠬᠦ ᠲᠠᠯ᠎ᠠ ᠪᠠᠷ ᠲᠤᠣᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠦᠯᠦᠪᠯᠡᠵᠦ᠂ ᠨᠠᠩ ᠢᠳᠡᠪᠬᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠤ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠤᠺ | ᠤᠨ ᠵᠠᠬ᠎ᠠ ᠲᠡᠯᠭᠡᠭᠦᠷ ᠢ ᠲᠣᠭᠲᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ | ᠲᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠤ᠂ | ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠤ᠂ ︽ | ᠠᠷᠪᠠᠨ ᠲᠠᠪᠤᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ | ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |