ᠠᠮᠵᠢᠯᠲᠠ ᠪᠢᠴᠢᠭᠯᠡᠭᠰᠡᠨ ᠠᠷᠠᠳ ᠤᠨ ᠠᠮᠢᠳᠤᠷᠠᠯ ᠤᠨ ᠦᠢᠯᠡᠰ
ᠨᠡᠶᠢᠲᠡᠯᠡᠭᠰᠡᠨ ᠴᠠᠭ᠄
2025/3/11
     2024 ᠣᠨ ᠳᠤ᠂ ᠰᠢᠯᠢ ᠶᠢᠨ ᠭᠤᠣᠯ ᠠᠶᠢᠮᠠᠭ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠣᠯᠣᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠬᠦᠴᠦᠨ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ᠂ ᠴᠢᠳᠠᠪᠤᠷᠢᠲᠠᠨ ᠢ ᠴᠤᠭᠯᠠᠷᠠᠭᠤᠯᠵᠤ᠂ ᠡᠶ᠎ᠡ ᠵᠣᠬᠢᠴᠠᠩᠭᠤᠢ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠵᠡᠢ᠃     ᠠᠵᠤ ᠠᠬᠤᠶᠢᠯᠠᠯ ᠪᠣᠯ ᠠᠵᠢᠯ ᠣᠯᠭᠤᠯᠲᠠ ᠶᠢᠨ ᠭᠤᠣᠯ ᠬᠦᠴᠦᠨ ᠮᠥᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2380 ᠠᠵᠤ ᠠᠬᠤᠶᠢᠯᠠᠯ ᠤᠨ ᠪᠠᠶᠢᠭᠤᠯᠤᠮᠵᠢ ᠳᠤ 2973 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ ᠲᠠᠷᠬᠠᠭᠠᠵᠤ᠂ 51417 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠡᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠬᠤ᠂ ᠳᠤᠯᠠᠭᠠᠯᠠᠭ᠎ᠠ ᠶᠢᠨ ᠨᠥᠬᠦᠪᠦᠷᠢ ᠵᠡᠷᠭᠡ ᠨᠥᠬᠦᠪᠦᠷᠢ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠲᠡ 2404 ᠠᠵᠢᠯ ᠠᠯᠳᠠᠭᠰᠠᠳ ᠲᠤ 2367 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠵᠢᠴᠢ ᠪᠤᠰᠤᠳ ᠨᠥᠬᠦᠪᠦᠷᠢ᠂ 32.47 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ ᠣᠯᠭᠤᠬᠤ ᠶᠢᠨ ᠬᠠᠮᠲᠤ 2245 ᠠᠵᠢᠯ ᠠᠯᠳᠠᠭᠰᠠᠳ ᠲᠤ 490.44 ᠲᠦᠮᠡᠨ ᠲᠥᠭᠦᠷᠢᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠵᠤ ᠥᠭᠴᠡᠢ᠃ ᠰᠢᠯᠢ ᠶᠢᠨ ᠭᠤᠣᠯ ᠠᠶᠢᠮᠠᠭ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠪᠣᠯᠪᠠᠰᠤᠷᠠᠯ ᠬᠦᠷᠲᠡᠭᠡᠬᠦ᠂ ᠦᠢᠯᠡᠰ  ᠪᠣᠰᠬᠠᠬᠤ ᠶᠢ ᠳᠡᠮᠵᠢᠬᠦ᠂ ᠲᠤᠰᠠᠯᠠᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠪᠠᠲᠤᠯᠠᠵᠤ ᠪᠠᠶᠢᠭᠰᠠᠨ ᠠᠴᠠ ᠪᠠᠨ ᠴᠢᠨᠠᠷ ᠰᠠᠶᠢᠲᠠᠢ ᠠᠵᠢᠯ ᠣᠯᠭᠤᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ 3 ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠪᠤᠶᠤ ᠳᠠᠳᠤᠯᠭ᠎ᠠ ᠬᠢᠬᠦ ᠲᠣᠬᠢᠶᠠᠯ ᠬᠠᠩᠭᠠᠪᠠ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠢᠮᠠᠭ ᠬᠤᠲᠠ ᠶᠢᠨ ᠬᠤᠭᠤᠷᠣᠨᠳᠣᠬᠢ ᠣᠷᠣᠨ ᠪᠦᠰᠡ ᠶᠢᠨ ᠴᠢᠨᠠᠷᠲᠠᠢ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠬᠤᠯᠪᠣᠭ᠎ᠠ ᠪᠠᠶᠢᠭᠤᠯᠵᠤ᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠭᠠᠳᠠᠭᠰᠢ ᠭᠠᠷᠴᠤ ᠠᠵᠢᠯ ᠬᠢᠬᠦ ᠪᠠ ᠣᠶᠢᠷ᠎ᠠ ᠬᠠᠪᠢ ᠳᠠᠭᠠᠨ ᠠᠵᠢᠯ ᠣᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ 82520 ᠬᠥᠮᠥᠨ ᠳᠤ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠰᠠᠨ 9481 ᠬᠥᠮᠥᠨ ᠳᠤ ᠠᠵᠢᠯ ᠣᠯᠭᠤᠪᠠ᠃     ᠰᠢᠯᠢ ᠶᠢᠨ ᠭᠤᠣᠯ ᠠᠶᠢᠮᠠᠭ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ︽ᠴᠠᠭ ᠲᠤᠬᠠᠢ ᠳᠤᠨᠢ ᠭᠤᠶᠤᠴᠢᠯᠠᠵᠤ᠂ ᠴᠠᠭ ᠲᠤᠬᠠᠢ ᠳᠤᠨᠢ ᠬᠢᠨᠠᠨ ᠬᠠᠷᠭᠤᠭᠤᠯᠬᠤ︾ ᠲᠦᠷᠭᠡᠨ ᠭᠦᠢᠴᠡᠳᠬᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠨᠡᠶᠢᠲᠡ 312 ᠬᠤᠪᠢ 8976.6 ᠲᠦᠮᠡᠨ ᠲᠥᠭᠦᠷᠢᠭ ᠲᠠᠯᠪᠢᠪᠠ᠃ ᠦᠢᠯᠡᠰ ᠪᠣᠰᠬᠠᠬᠤ ᠬᠦᠪᠦᠷᠡᠯᠳᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠰ ᠪᠣᠰᠬᠠᠭᠴᠢᠳ ᠲᠤ ︽ᠥᠪᠡᠷ ᠤᠨ ᠥᠷᠲᠡᠭ ᠢᠶᠠᠷ ᠳᠣᠣᠷ᠎ᠠ᠂ ᠲᠥᠬᠦᠮ ᠳᠥᠲᠡ᠂ ᠨᠡᠭᠡᠭᠡᠯᠲᠡᠲᠤ ᠮᠠᠶ᠋ᠢᠭ︾  ᠤᠨ ᠦᠢᠯᠡᠰ ᠪᠣᠰᠬᠠᠬᠤ ᠦᠢᠯᠡᠴᠢᠯᠡᠭᠡ ᠬᠠᠩᠭᠠᠵᠤ᠂ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 17 ᠦᠢᠯᠡᠰ ᠪᠣᠰᠬᠠᠬᠤ ᠬᠦᠷᠢᠶᠡᠯᠡᠩ ︵ᠬᠦᠪᠦᠷᠡᠯᠳᠡ ᠶᠢᠨ ᠰᠠᠭᠤᠷᠢᠨ ᠭᠠᠵᠠᠷ︶ ᠳᠤ ᠣᠷᠣᠵᠤ ᠰᠠᠭᠤᠭᠰᠠᠨ ᠦᠢᠯᠡᠰ ᠪᠣᠰᠬᠠᠬᠤ ᠪᠣᠳᠠᠲᠤ ᠴᠣᠭᠴᠠ 423 ᠪᠠᠶᠢᠵᠤ᠂ 3681 ᠬᠥᠮᠥᠨ ᠢ ᠳᠠᠶᠢᠴᠢᠯᠠᠠ ᠠᠵᠢᠯ ᠣᠯᠭᠤᠪᠠ᠃     ᠡᠭᠦᠨ ᠤ ᠬᠠᠮᠲᠤ ᠰᠢᠯᠢ ᠶᠢᠨ ᠭᠤᠣᠯ ᠠᠶᠢᠮᠠᠭ ᠠᠵᠤ ᠠᠬᠤᠶᠢᠯᠠᠯ ᠪᠠ ᠬᠥᠳᠡᠯᠮᠦᠷᠢᠴᠢᠳ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠵᠣᠯᠭᠠᠭᠤᠯᠵᠤ᠂ ᠪᠣᠯᠪᠠᠰᠤᠷᠠᠯ ᠪᠠ ᠠᠵᠢᠯ ᠣᠯᠭᠤᠯᠲᠠ ᠶᠢ ᠪᠦᠲᠦᠮᠵᠢᠲᠡᠶ ᠵᠣᠯᠭᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠲᠡ 10322 ᠬᠥᠮᠥᠨ ᠤᠳᠠᠭ᠎ᠠ ᠥᠷᠨᠢᠭᠦᠯᠵᠦ᠂ 2279 ᠠᠵᠤ ᠠᠬᠤᠶᠢᠯᠠᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠳᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠦᠷᠢ ᠮᠥᠩᠭᠦ ᠶᠢ 346.4 ᠲᠦᠮᠡᠨ ᠲᠥᠭᠦᠷᠢᠭ ᠲᠠᠷᠬᠠᠭᠠᠵᠠᠢ᠃ ᠡᠯ᠎ᠡ ᠲᠦᠷᠦᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠬᠥᠮᠥᠨ ᠬᠡᠷᠡᠭᠯᠡᠬᠦ ᠨᠢᠭᠡᠴᠢ ᠪᠣᠯᠣᠨ ᠠᠵᠢᠯ ᠡᠷᠢᠭᠰᠡᠳ ᠤᠨ ᠬᠤᠭᠤᠷᠣᠨᠳᠣᠬᠢ ᠬᠠᠷᠢᠯᠴᠠᠭᠠᠨ ᠤ ᠬᠥᠭᠦᠷᠭᠡ ᠶᠢ ᠪᠠᠶᠢᠭᠤᠯᠵᠤ᠂ 2024 ᠣᠨ ᠳᠤ ᠠᠵᠢᠯᠲᠠᠨ ᠡᠯᠰᠡᠬᠦ ᠴᠤᠭᠯᠠᠭᠠᠨ ᠢ ᠨᠡᠶᠢᠳᠡ 152 ᠤᠳᠠᠭ᠎ᠠ ᠥᠷᠨᠢᠭᠦᠯᠵᠦ᠂ 52938 ᠠᠵᠢᠯ ᠤᠨ ᠪᠠᠶᠢᠷᠢ ᠬᠠᠩᠭᠠᠪᠠ᠃ ᠰᠤᠯᠠ ᠠᠵᠢᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠪᠠ ︽ᠰᠦᠯᠵᠢᠶᠡᠨ ᠳᠡᠭᠡᠷᠡᠬᠢ ᠰᠤᠯᠠ ᠠᠵᠢᠯ ᠤᠨ ᠵᠠᠬ᠎ᠠ ᠳᠡᠯᠭᠡᠭᠦᠷ︾  ᠢ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ 20542 ᠠᠵᠢᠯ ᠤᠨ ᠪᠠᠶᠢᠷᠢ ᠬᠠᠩᠭᠠᠵᠤ᠂ 8623 ᠬᠥᠮᠥᠨ ᠡᠵᠢᠯ ᠣᠯᠭᠤᠯᠲᠠ ᠶᠢᠨ ᠰᠠᠨᠠᠮᠵᠢ ᠲᠣᠭᠲᠠᠪᠠ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号