ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ | ᠠᠶᠤᠯ ᠲᠦᠭᠰᠢᠭᠦᠷᠢ ᠶᠢ ᠰᠡᠷᠭᠡᠶᠢᠯᠡᠵᠦ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠤᠯᠠᠮᠵᠢᠯᠠᠨ | ᠲᠠᠷᠬᠠᠭᠠᠪᠠ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ | ᠠᠵᠢᠯᠯᠠᠭ᠎ᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠠᠵᠤ ᠠᠬᠤᠢ ᠮᠥᠩᠭᠦᠨ ᠭᠦᠢᠯᠭᠡᠭᠡᠨ ᠤ ᠠᠮᠤᠷ ᠲᠦᠪᠰᠢᠨ ᠪᠠ | ᠨᠡᠶᠢᠭᠡᠮ ᠤᠨ ᠵᠢᠱᠢᠯᠲᠡ ᠶᠢᠨ ᠲᠣᠭᠲᠠᠭᠤᠨ ᠢ ᠬᠠᠮᠠᠭᠠᠯᠠᠬᠤ ᠳᠤ ᠬᠦᠴᠦᠨ ᠨᠡᠮᠡᠷᠢᠯᠡᠵᠦ᠂ ᠪᠣᠳᠠᠲᠤ ᠴᠣᠭᠴᠠ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ | ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ᠪᠣᠯᠣᠨ᠎ᠠ᠃ | ︽ᠰᠠᠨᠠᠯ︾ ᠳᠤ᠂ 2029 ᠣᠨ ᠪᠣᠯᠬᠤ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠬᠤᠭᠤᠴᠠᠭᠠᠲᠤ | ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠲᠤᠬᠠᠶᠢᠯᠠᠭᠰᠠᠨ ᠠᠵᠢᠯ ᠤᠨ ᠵᠠᠭᠪᠤᠷ ᠤᠨ ᠶᠡᠷᠦᠩᠬᠡᠢ ᠪᠣᠷᠣ | ᠲᠥᠯᠥᠪ ᠢ ᠪᠣᠶ ᠪᠣᠯᠭᠠᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠲᠥᠷᠥᠯ ᠵᠦᠢᠯ ᠤᠨ ᠪᠠᠶᠢᠷᠢᠰᠢᠯ ᠬᠢᠭᠡᠳ ᠤᠯᠤᠰ ᠠᠷᠠᠳ ᠤᠨ ᠠᠵᠤ | ᠠᠬᠤᠢ ᠶᠢᠨ ᠪᠦᠲᠦᠴᠡ ᠶᠢ ᠨᠠᠩ ᠵᠣᠬᠢᠴᠠᠭᠤᠯᠵᠤ᠂ ᠵᠠᠬ᠎ᠠ ᠳᠡᠯᠭᠡᠭᠦᠷ ᠤᠨ ᠭᠦᠨᠴᠡ ᠪᠠ ᠦᠨ᠎ᠡ ᠲᠣᠭᠲᠠᠭᠠᠬᠤ | ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠲᠤᠰᠬᠠᠢ | ᠮᠡᠷᠭᠡᠵᠢᠯ ᠨᠢ ᠲᠣᠭᠲᠠᠭᠤᠨ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠵᠠᠭᠤᠴᠢ ᠪᠠᠶᠢᠭᠤᠯᠤᠮᠵᠢ ᠶᠢᠨ ᠡᠩᠨᠡᠭᠡ ᠶᠢ | ᠪᠠᠶᠢᠭᠤᠯᠤᠨ᠎ᠠ᠃ 2035 ᠣᠨ ᠪᠣᠯᠬᠤ ᠳᠤ᠂ ᠠᠮᠤᠷ ᠲᠦᠪᠰᠢᠨ᠂ ᠵᠢᠷᠤᠮᠵᠢᠯ ᠲᠠᠢ᠂ ᠢᠯᠡ ᠲᠣᠳᠣ᠂ ᠨᠡᠭᠡᠭᠡᠯᠲᠡ ᠲᠠᠢ᠂ | ᠠᠮᠢᠵᠢᠷᠠᠯ ᠤᠨ ᠬᠦᠴᠦᠨ ᠲᠠᠢ᠂ ᠤᠶᠠᠨ ᠬᠠᠳᠠᠨ ᠴᠢᠨᠠᠷᠲᠠᠢ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ | ᠰᠢᠰᠲ᠋ᠧᠮ ᠢ ᠪᠦᠷᠢᠯᠳᠦᠭᠦᠯᠵᠦ᠂ ᠭᠤᠣᠯ ᠪᠣᠯᠬᠤ ᠲᠦᠷᠦᠯ ᠵᠦᠢᠯ ᠨᠢ ᠪᠦᠬᠦ ᠪᠥᠮᠪᠥᠷᠴᠡᠭ ᠤᠨ ᠠᠷᠠᠯᠵᠢᠶᠠᠯᠠᠭᠴᠢᠳ ᠢ | ᠭᠦᠢᠴᠡᠳ ᠣᠷᠣᠯᠴᠠᠭᠤᠯᠵᠤ᠂ ᠪᠥᠭᠡᠮ ᠲᠠᠸᠠᠷ ᠤᠨ ᠦᠨ᠎ᠡ ᠬᠠᠩᠰᠢ ᠶᠢᠨ ᠨᠥᠯᠥᠭᠡᠯᠡᠬᠦ ᠬᠦᠴᠦᠨ ᠪᠠ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠢᠯᠡᠳᠲᠡ ᠴᠢᠩᠭᠠᠷᠠᠭᠤᠯᠵᠤ᠂ ᠵᠠᠭᠤᠴᠢ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠤᠯᠠᠮ ᠴᠢᠨᠠᠭᠰᠢᠳᠠ | ᠳᠡᠭᠡᠭᠰᠢᠯᠡᠭᠦᠯᠦᠨ᠎ᠡ᠃ ᠲᠤᠰ ᠵᠠᠭᠤᠨ ᠤ ᠳᠤᠮᠳᠠᠴᠢ ᠪᠣᠯᠬᠤ ᠳᠤ᠂ ᠦᠢᠯᠡᠳᠬᠦᠨ ᠨᠢ ᠪᠦᠷᠢᠨ ᠭᠦᠢᠴᠡᠳ᠂ ᠴᠢᠳᠠᠮᠵᠢ ᠨᠢ | ᠪᠦᠷᠢᠨ ᠲᠡᠭᠦᠯᠳᠡᠷ᠂ ᠦᠢᠯᠡᠴᠢᠯᠡᠭᠡ ᠨᠢ ᠥᠨᠳᠥᠷ ᠪᠦᠲᠦᠮᠵᠢᠲᠡᠢ᠂ ᠠᠵᠢᠯᠯᠠᠭ᠎ᠠ ᠨᠢ ᠯᠠᠪᠳᠠᠭᠤᠨ ᠲᠣᠭᠲᠠᠭᠤᠨ᠂ ᠦᠨ᠎ᠡ | ᠬᠠᠩᠰᠢ ᠨᠢ ᠪᠦᠬᠦ ᠪᠥᠮᠪᠥᠷᠴᠡᠭ ᠢ ᠨᠥᠯᠥᠭᠡᠯᠡᠬᠦ ᠳᠡᠯᠡᠬᠡᠢ ᠶᠢᠨ ᠲᠡᠷᠢᠭᠦᠨ ᠵᠡᠷᠭᠡ ᠶᠢᠨ ᠬᠤᠭᠤᠴᠠᠭᠠᠲᠤ ᠪᠠᠷᠠᠭᠠᠨ ᠤ | ᠠᠷᠠᠯᠵᠢᠶᠠᠨ ᠤ ᠭᠠᠵᠠᠷ ᠢ ᠪᠠᠶᠢᠭᠤᠯᠵᠤ᠂ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠤᠯᠤᠰ ᠠᠷᠠᠳ ᠤᠨ ᠠᠵᠤ | ᠠᠬᠤᠢ ᠳᠤ ᠦᠢᠯᠡᠴᠢᠯᠡᠬᠦ᠂ ᠪᠦᠬᠦ ᠪᠥᠮᠪᠥᠷᠴᠡᠭ ᠤᠨ ᠡᠬᠢ ᠪᠠᠶᠠᠯᠢᠭ ᠢ ᠲᠣᠬᠢᠷᠠᠭᠤᠯᠬᠤ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠮᠥᠩᠭᠦᠨ ᠭᠦᠢᠯᠭᠡᠭᠡᠨ ᠤ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ ᠵᠢᠭᠠᠵᠤ ᠭᠠᠷᠭᠠᠪᠠ᠃ | ︽ᠰᠠᠨᠠᠯ︾ ᠳᠤ 8 ᠲᠠᠯ᠎ᠠ ᠶᠢᠨ 17 ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃ | ᠨᠢᠭᠡ ᠳᠤ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠦᠢᠯᠡ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠤᠨ᠎ᠠ᠃ | ᠲᠠᠩᠰᠠᠨ ᠡᠷᠦᠬᠡ ᠶᠢᠨ ᠦᠨᠡᠨ ᠨᠡᠷ᠎ᠡ ᠶᠢᠨ ᠳᠦᠷᠢᠮ᠂ ᠠᠷᠠᠯᠵᠢᠶᠠᠯᠠᠭᠴᠢ ᠶᠢᠨ ᠵᠣᠬᠢᠰᠲᠠᠢ ᠴᠢᠨᠠᠷ ᠵᠡᠷᠭᠡ ᠬᠢᠨᠠᠯᠲᠠ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠬᠤᠭᠤᠴᠠᠭᠠᠲᠤ ᠪᠠᠷᠠᠭᠠᠨ ᠤ ᠵᠠᠬ᠎ᠠ | ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠡᠲᠦᠷᠬᠡᠢ ᠵᠠᠪᠰᠢᠬᠤ ᠶᠢ ᠬᠤᠷᠢᠭᠯᠠᠨ᠎ᠠ᠃ ᠵᠠᠬ᠎ᠠ ᠳᠡᠯᠭᠡᠭᠦᠷ ᠢ ᠵᠠᠬᠢᠷᠬᠤ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ | ᠭᠤᠷᠪᠠ ᠳᠤ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠰᠲ᠋ᠣᠺ ᠤᠨ ᠡᠷᠬᠡ ᠶᠢᠨ ᠬᠠᠮᠢᠶᠠᠷᠤᠯᠲᠠ ᠪᠠ ᠬᠠᠤᠯᠢ ᠶᠢᠨ | ᠬᠥᠮᠥᠨ ᠤ ᠵᠠᠰᠠᠯᠲᠠ ᠶᠢ ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠵᠢᠴᠢ ᠲᠡᠭᠦᠨ ᠤ ᠬᠦᠦ | ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠤᠭᠤᠴᠠᠭᠠᠲᠤ ᠪᠠᠷᠠᠭᠠᠨ ᠤ ᠺᠣᠮᠫᠠᠨᠢ ᠶᠢᠨ | ᠲᠦᠭᠰᠢᠭᠦᠷᠢ ᠶᠢ ᠴᠡᠪᠡᠷᠯᠡᠨ ᠭᠠᠷᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ | ᠳᠥᠷᠪᠡ ᠳᠤ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ | ᠴᠢᠩᠭᠠᠳᠬᠠᠨ᠎ᠠ᠃ ᠬᠤᠭᠤᠴᠠᠭᠠᠲᠤ ᠪᠠᠷᠠᠭᠠᠨ ᠤ ᠪᠠᠲᠤᠯᠠᠭ᠎ᠠ ᠶᠢᠨ ᠮᠥᠩᠭᠦ ᠶᠢ ᠪᠢᠲᠡᠭᠦᠮᠵᠢᠯᠡᠨ ᠠᠵᠢᠯᠯᠠᠭᠤᠯᠬᠤ ᠪᠠ | ᠠᠶᠤᠯᠭᠦᠢ ᠬᠠᠳᠠᠭᠠᠯᠠᠵᠤ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ᠃ ᠬᠤᠭᠤᠴᠠᠭᠠᠲᠤ ᠪᠠᠷᠠᠭᠠᠨ ᠤ ᠵᠠᠬ᠎ᠠ | ᠳᠡᠯᠭᠡᠭᠦᠷ ᠤᠨ ᠳᠠᠷᠤᠯᠲᠠ ᠶᠢᠨ ᠰᠢᠯᠭᠠᠯᠲᠠ ᠶᠢ ᠪᠠᠶᠢᠩᠭᠤᠵᠢᠭᠤᠯᠤᠨ᠎ᠠ᠃ ᠬᠤᠭᠤᠴᠠᠭᠠᠲᠤ ᠪᠠᠷᠠᠭᠠᠨ ᠤ ᠵᠠᠬ᠎ᠠ | ᠳᠡᠯᠭᠡᠭᠦᠷ ᠤᠨ ᠳ᠋ᠦᠩᠨᠡᠨ ᠪᠣᠳᠣᠯᠲᠠ᠂ ᠭᠠᠷᠳᠠᠮ ᠭᠦᠢᠴᠡᠳᠬᠡᠬᠦ ᠵᠡᠷᠭᠡ ᠶᠢᠨ ᠠᠶᠤᠯᠭᠦᠢ ᠶᠢᠨ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠤᠨ᠎ᠡ᠃ ᠲᠠᠪᠤ ᠳᠤ ᠲᠠᠸᠠᠷ ᠤᠨ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠪᠣᠳᠠᠲᠤ | ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠠᠸᠠᠷ ᠤᠨ | ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠠᠵᠤ ᠠᠬᠤᠶᠢᠯᠠᠯ ᠤᠨ ᠬᠤᠭᠤᠴᠠᠭ᠎ᠠ ᠲᠣᠭᠲᠠᠵᠤ ᠥᠷᠲᠡᠭ ᠪᠠᠲᠤᠯᠠᠬᠤ ᠠᠷᠠᠯᠵᠢᠶ᠎ᠠ ᠶᠢᠨ ᠳᠦᠷᠢᠮ ᠤᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠬᠤᠭᠤᠴᠠᠭᠠᠲᠤ ᠪᠠᠷᠠᠭᠠᠨ ᠤ ᠦᠨ᠎ᠡ ᠬᠠᠩᠰᠢ ᠶᠢᠨ ᠳᠣᠬᠢᠶ᠎ᠠ ᠶᠢ ᠦᠨᠳᠦᠰᠦᠯᠡᠨ ᠦᠢᠯᠡᠳᠪᠦᠷᠢᠯᠡᠯ ᠡᠵᠡᠩᠨᠡᠯᠲᠡ ᠪᠠᠨ | ᠵᠦᠢ ᠵᠣᠬᠢᠰᠲᠠᠢ ᠲᠣᠬᠢᠷᠠᠭᠤᠯᠤᠨ᠎ᠠ᠃ ᠵᠢᠷᠭᠤᠭ᠎ᠠ ᠳᠤ ᠮᠥᠩᠭᠦᠨ ᠭᠦᠢᠯᠭᠡᠭᠡᠨ ᠤ ᠬᠤᠭᠤᠴᠠᠭᠠᠲᠤ ᠪᠠᠷᠠᠭ᠎ᠠ ᠪᠠ | ᠡᠭᠦᠰᠦᠮᠡᠯ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠯᠠᠪᠳᠠᠭᠤᠨ ᠪᠣᠯᠭᠤᠮᠵᠢᠲᠠᠢ ᠬᠥᠭᠵᠢᠭᠦᠯᠦᠨ᠎ᠡ᠃ ᠰᠲ᠋ᠣᠺ ᠤᠨ | ᠵᠢᠭᠠᠯᠲᠠ ᠲᠤᠭ᠎ᠠ ᠶᠢᠨ ᠬᠤᠭᠤᠴᠠᠭᠠᠲᠤ ᠪᠠᠷᠠᠭᠠᠨ ᠤ ᠡᠷᠬᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠢ ᠬᠥᠭᠵᠢᠶᠡᠨᠲᠡᠢ ᠪᠣᠯᠭᠠᠬᠤ ᠳᠠᠪᠬᠤᠷ ᠴᠢᠳᠠᠮᠵᠢ ᠶᠢ ᠪᠠᠳᠠᠷᠠᠭᠤᠯᠤᠨ᠎ᠠ᠃ ᠬᠤᠳᠠᠯᠳᠤᠭᠠᠨ ᠤ ᠪᠠᠩᠬᠢ ᠶᠢᠨ | ᠤᠯᠤᠰ ᠤᠨ ᠵᠢᠭᠡᠯᠡᠯᠭᠡ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠲᠤᠷᠰᠢᠯᠲᠠ ᠳᠤ ᠣᠷᠣᠯᠴᠠᠬᠤ ᠶᠢ | ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠷᠢᠶᠡᠨ ᠳᠠᠬᠢ | ᠡᠭᠦᠰᠦᠮᠡᠯ ᠪᠦᠲᠦᠭᠡᠭᠳᠡᠬᠦᠨ ᠢ ᠬᠢᠨᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ᠃ ᠲᠤᠯᠤᠭ᠎ᠠ ᠳᠤ ᠬᠤᠭᠤᠴᠠᠭᠠᠲᠤ | ᠪᠠᠷᠠᠭᠠᠨ ᠤ ᠵᠠᠬ᠎ᠠ ᠳᠡᠯᠭᠡᠭᠦᠷ ᠤᠨ ᠭᠠᠳᠠᠭᠰᠢ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠠᠸᠠᠷ ᠤᠨ | ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠨᠡᠭᠡᠭᠡᠯᠲᠡ ᠶᠢᠨ ᠬᠡᠪᠴᠢᠶ᠎ᠡ ᠶᠢ ᠡᠮᠬᠢ ᠵᠢᠷᠤᠮ ᠲᠠᠢ ᠪᠠᠷ | ᠥᠷᠭᠡᠳᠬᠡᠨ᠎ᠡ᠃ ᠰᠲ᠋ᠣᠺ ᠤᠨ ᠵᠢᠭᠠᠯᠲᠠ ᠶᠢᠨ ᠲᠤᠭ᠎ᠠ ᠶᠢᠨ ᠬᠤᠭᠤᠴᠠᠭᠠᠲᠤ ᠪᠠᠷᠠᠭ᠎ᠠ᠂ ᠤᠯᠤᠰ ᠤᠨ ᠵᠢᠭᠡᠯᠡᠯᠭᠡ ᠶᠢᠨ | ᠬᠤᠭᠤᠴᠠᠭᠠᠲᠤ ᠪᠠᠷᠠᠭ᠎ᠠ ᠶᠢ ᠣᠨᠴᠠ ᠲᠣᠭᠲᠠᠭᠰᠠᠨ ᠲᠥᠷᠥᠯ ᠵᠦᠢᠯ ᠤᠨ ᠭᠠᠳᠠᠭᠠᠳᠤ ᠨᠡᠭᠡᠭᠡᠯᠲᠡ ᠳᠤ ᠣᠷᠣᠭᠤᠯᠬᠤ ᠶᠢ | ᠰᠤᠳᠤᠯᠤᠨ᠎ᠠ᠃ ᠬᠢᠯᠢ ᠶᠢᠨ ᠭᠠᠳᠠᠨᠠᠬᠢ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠬᠢᠯᠢ ᠶᠢᠨ ᠳᠣᠲᠣᠷᠠᠬᠢ | ᠬᠤᠭᠤᠴᠠᠭᠠᠲᠤ ᠪᠠᠷᠠᠭᠠᠨ ᠤ ᠦᠨ᠎ᠡ ᠬᠠᠩᠰᠢ ᠲᠠᠢ ᠬᠤᠯᠪᠣᠭᠳᠠᠭᠤᠯᠤᠭᠰᠠᠨ ᠨᠡᠩ ᠤᠯᠠᠨ ᠮᠥᠩᠭᠦᠨ ᠭᠦᠢᠯᠭᠡᠭᠡᠨ ᠤ | ᠦᠢᠯᠡᠳᠬᠦᠨ ᠭᠠᠷᠭᠠᠬᠤ ᠶᠢ ᠵᠥᠪᠰᠢᠶᠡᠷᠡᠨ᠎ᠡ᠃ ᠨᠡᠭᠡᠭᠡᠯᠲᠡᠲᠤ ᠣᠷᠴᠢᠨ ᠨᠥᠬᠦᠴᠡᠯ ᠳᠣᠣᠷᠠᠬᠢ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠨᠠᠢᠮᠠ ᠳᠤ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠤᠭᠤᠴᠠᠭᠠᠲᠤ ᠪᠠᠷᠠᠭ᠎ᠠ ᠶᠢᠨ ᠬᠢᠨᠠᠯᠲᠠ | ᠬᠠᠮᠢᠶᠠᠷᠤᠯᠲᠠ ᠬᠢᠭᠡᠳ ᠰᠲ᠋ᠣᠺ᠂ ᠵᠢᠭᠡᠯᠡᠯᠭᠡ ᠶᠢᠨ ᠲᠡᠮᠳᠡᠭᠲᠦ᠂ ᠰᠠᠭᠤᠷᠢ ᠮᠥᠩᠭᠦ ᠵᠡᠷᠭᠡ ᠬᠢᠨᠠᠯᠲᠠ ᠬᠠᠮᠢᠶᠠᠷᠤᠯᠲᠠ ᠶᠢᠨ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠰᠠᠯᠠᠭ᠎ᠠ ᠮᠥᠴᠢᠷ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ |