ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/3/13
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠭᠤᠷᠪᠠᠳᠤᠭᠠᠷ ᠬᠤᠷᠠᠯ 11 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠷᠠᠯᠳᠤᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠶᠢᠨ ᠨᠠᠶᠢᠳᠠᠯᠭ᠎ᠠ ᠪᠠᠷ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ ᠬᠤᠷᠠᠯ ᠢ ᠡᠷᠭᠢᠯᠡᠪᠡ᠃     ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠵᠢᠷᠭᠤᠭᠠᠨ ᠰᠢᠢᠳᠪᠦᠷᠢ ᠶᠢᠨ ᠲᠥᠰᠥᠯ ᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠷᠭᠤᠭᠠᠨ ᠰᠢᠢᠳᠪᠦᠷᠢ ᠶᠢᠨ ᠲᠥᠰᠥᠯ ᠢ ᠪᠠᠲᠤᠯᠠᠬᠤ ᠨᠣᠣᠷᠠᠭ ᠢ ᠬᠢᠨᠠᠨ ᠵᠥᠪᠯᠡᠪᠡ᠃     ᠬᠤᠷᠠᠯ ᠠᠴᠠ ᠳᠡᠭᠡᠷ᠎ᠡ ᠳᠤᠷᠠᠳᠤᠭᠰᠠᠨ ᠰᠢᠢᠳᠪᠦᠷᠢ ᠶᠢᠨ ᠲᠥᠰᠥᠯ ᠢ ᠪᠠᠲᠤᠯᠠᠬᠤ ᠨᠣᠣᠷᠠᠭ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠳᠥᠷᠪᠡᠳᠦᠭᠡᠷ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠶᠢ ᠵᠥᠪᠰᠢᠶᠡᠷᠡᠪᠡ᠃     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠯᠠᠶᠢᠲ᠋ᠢ· ᠵᠠᠺᠧᠯ ᠬᠤᠷᠠᠯ ᠳᠤ ᠣᠷᠣᠯᠴᠠᠪᠠ᠃     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ 11 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠵᠤᠤ ᠯᠧ ᠵᠢᠢ ᠶᠢᠨ ᠨᠠᠶᠢᠳᠠᠯᠭ᠎ᠠ ᠪᠠᠷ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠭᠢᠯᠡᠪᠡ᠃     ᠬᠤᠷᠠᠯ ᠳᠤ ᠣᠷᠤᠯᠴᠠᠬᠤ ᠶᠣᠰᠣᠲᠠᠢ ᠬᠥᠮᠥᠨ 176 ᠪᠠᠶᠢᠵᠤ᠂ 171 ᠬᠥᠮᠥᠨ ᠣᠷᠣᠯᠴᠠᠵᠤ᠂ 5 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃     3 ᠰᠠᠷ᠎ᠠ ᠶᠢᠨ 10 ᠤ ᠦᠳᠡ ᠶᠢᠨ ᠬᠤᠶᠢᠨ᠎ᠠ ᠪᠠ 11 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠭᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠷᠭᠤᠭᠠᠨ ᠰᠢᠢᠳᠪᠦᠷᠢ ᠶᠢᠨ ᠲᠥᠰᠥᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠶᠡᠭᠡ ᠬᠤᠷᠠᠯ ᠤᠨ ᠪᠦᠭᠦᠳᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠰᠡᠨ ᠰᠠᠨᠠᠯ ᠢ ᠦᠨᠳᠦᠰᠦᠯᠡᠵᠦ᠂ ᠡᠯ᠎ᠡ ᠵᠦᠢᠯ ᠤᠨ ᠰᠢᠢᠳᠪᠦᠷᠢ ᠶᠢᠨ ᠲᠥᠰᠥᠯ ᠢ ᠶᠡᠭᠡ ᠬᠤᠷᠠᠯ ᠤᠨ ᠪᠦᠭᠦᠳᠠ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠶᠢ ᠰᠠᠨᠠᠭᠤᠯᠪᠠ᠃     ᠲᠡᠷᠢᠭᠦᠯᠡᠭᠴᠢᠳ ᠤᠨ ᠪᠦᠯᠭᠦᠮ ᠤᠨ ᠬᠤᠷᠠᠯ ᠠᠴᠠ ᠲᠤᠰ ᠲᠤᠰ ᠪᠠᠲᠤᠯᠠᠯᠲᠠ ᠬᠢᠬᠦ ᠪᠠᠷ ᠲᠠᠮᠵᠢᠨ᠂ ᠳᠡᠭᠡᠷ᠎ᠡ ᠳᠤᠷᠠᠳᠤᠭᠰᠠᠨ ᠰᠢᠢᠳᠪᠦᠷᠢ ᠶᠢᠨ ᠲᠥᠰᠥᠯ ᠢ ᠶᠡᠭᠡ ᠬᠤᠷᠠᠯ ᠤᠨ ᠪᠦᠭᠦᠳᠠ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃     ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠭᠡᠯᠡᠨ ᠤ ᠰᠤᠨᠢᠤᠨ ᠮᠡᠲᠡᠭᠡ ᠶᠢᠨ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号