ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ 3 ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ | ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠦᠯ︾ ᠢ ᠶᠠᠷᠢᠯᠴᠠᠨ ᠪᠠᠲᠤᠯᠠᠵᠤ᠂ ︽︿ᠲᠦᠷᠭᠡᠨ ᠬᠦᠷᠭᠡᠯᠲᠡ ᠶᠢᠨ | ᠲᠦᠷ ᠬᠡᠷᠡᠭᠵᠢᠭᠦᠯᠬᠦ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ | ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠲᠣᠳᠣᠷᠬᠠᠶᠢᠯᠠᠪᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠰᠠᠨᠠᠭᠠᠴᠢᠯᠠᠭ᠎ᠠ ᠠᠴᠠ ᠪᠠᠨ ᠦᠪᠡᠷ | ᠤᠨ ᠬᠠᠷᠢᠭᠤᠴᠠᠯᠭ᠎ᠠ ᠡᠭᠦᠷᠭᠡ ᠪᠠᠨ ᠡᠭᠦᠷᠬᠡᠯᠡᠵᠦ᠂ ᠨᠡᠩ ᠴᠢᠩᠭ᠎ᠠ ᠡᠭᠦᠷᠭᠡᠯᠡᠯ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠪᠠᠷ | ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠣᠳᠠᠲᠤ ᠠᠮᠵᠢᠯᠲᠠ ᠪᠠᠷ ᠢᠶᠠᠨ | ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ ᠲᠦᠷᠭᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠤᠬᠳᠠᠪᠤᠷᠢ ᠦᠭᠡᠢ ᠬᠦᠴᠦᠨ ᠵᠦᠢᠯ ᠠᠴᠠ ᠴᠠᠭ ᠢ | ᠠᠮᠵᠢᠨ᠂ ᠱᠠᠯᠠᠪᠳᠠᠨ ᠲᠦᠷᠭᠡᠨ ᠠᠵᠢᠯᠯᠠᠵᠤ᠂ ᠤᠷᠢᠳᠴᠢᠯᠠᠨ ᠬᠦᠴᠦᠯᠡᠨ ᠬᠡᠷᠡᠭᠵᠢᠬᠦᠯᠬᠦ ᠬᠡᠷᠡᠭᠲᠡᠢ᠃ ᠡᠭᠦᠨ ᠤ ᠬᠠᠮᠲᠤ | ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡ ᠶᠢ ᠰᠠᠶᠢᠲᠤᠷ ᠬᠢᠵᠦ᠂ | ᠬᠡᠷᠡᠭᠴᠡᠭᠡ ᠲᠠᠢ ᠦᠶ᠎ᠡ ᠳᠤ ᠴᠠᠭ ᠲᠤᠬᠠᠶ ᠳᠤᠨᠢ ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ | ᠬᠦᠳᠦᠯᠥᠨ ᠳᠠᠭᠠᠭᠤᠯᠬᠤ ᠴᠢᠨᠠᠷ᠂ ᠬᠦᠰᠢᠬᠦᠷᠭᠡ ᠶᠢᠨ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠪᠠᠷ ᠡᠷᠢᠵᠦ | ᠣᠯᠵᠤ᠂ ᠰᠢᠨ᠎ᠡ ᠭᠠᠷᠳᠠᠴᠠ ᠪᠣᠯᠤᠨ ᠠᠴᠢᠶᠠᠯᠠᠪᠤᠷᠢ ᠶᠢ ᠲᠠᠰᠤᠷᠠᠯᠳᠠ ᠦᠭᠡᠢ ᠰᠦᠪᠡᠭᠴᠢᠯᠡᠵᠦ᠂ ᠴᠡᠭ ᠢᠶᠠᠷ ᠨᠡᠶᠢᠳᠡᠮ ᠢ | ᠲᠠᠶᠢᠴᠢᠯᠠᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠭᠠᠨ ᠵᠢᠯᠣᠭᠤᠳᠴᠤ ᠳᠡᠮᠵᠢᠬᠦ ᠪᠠᠨ ᠴᠢᠩᠭᠠᠳᠬᠠᠵᠤ᠂ ᠴᠢᠬᠤᠯᠠ | ᠡᠯᠧᠮᠧᠨ᠋ᠲ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ | ᠨᠡᠭᠡᠭᠡᠯᠲᠡ ᠶᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠯᠭᠡ ᠶᠢᠨ ᠲᠥᠷᠥ ᠶᠢᠨ ᠪᠣᠳᠣᠯᠭ᠎ᠠ | ᠲᠣᠭᠲᠠᠭᠠᠵᠤ᠂ ᠪᠣᠳᠠᠲᠠᠶ ᠲᠥᠰᠦᠯ ᠭᠠᠷᠭᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠪᠦᠷ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠲᠦᠷᠦᠭᠦᠯᠡᠨ ᠬᠢᠬᠦ ᠰᠠᠯᠠᠭ᠎ᠠ | ᠮᠥᠴᠢᠷ ᠤᠨ ᠬᠢᠨ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠵᠦ᠂ ᠣᠷᠣᠯᠴᠠᠬᠤ | ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠠᠵᠢᠯᠯᠠᠵᠤ᠂ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ | ᠪᠦᠷᠢᠯᠳᠦᠭᠦᠯᠵᠦ ᠪᠠᠶᠢᠭᠠᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ | ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠠᠰᠠᠭᠤᠳᠠᠯ ᠳᠤ ᠴᠢᠭᠯᠡᠭᠦᠯᠦᠨ ︽ᠲᠦᠷᠢᠮ︾ ᠳᠤ ᠲᠤᠰᠬᠠᠶ ᠵᠠᠰᠠᠪᠤᠷᠢ | ᠣᠷᠣᠭᠤᠯᠬᠤ ᠶᠠᠪᠤᠳᠠᠯ ᠨᠢ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠲᠤᠯ ᠥᠬᠡᠶ ᠪᠠᠶᠢᠬᠤ᠂ | ᠬᠡᠮᠵᠢᠶ᠎ᠡ ᠶᠢ ᠨᠢ ᠪᠠᠭᠠᠰᠬᠠᠬᠤ᠂ ᠡᠷᠭᠢᠯᠲᠡ ᠶᠢ ᠨᠢ ᠠᠬᠢᠭᠤᠯᠵᠤ᠂ ᠪᠣᠬᠢᠷᠲᠤᠯ ᠥᠬᠡᠶ ᠤᠶᠢᠯᠡᠳᠪᠦᠷᠢᠯᠡᠯ ᠪᠠ ᠠᠮᠢᠳᠤᠷᠠᠯ ᠤᠨ | ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠶ ᠶᠤᠮ᠃ ᠰᠢᠰᠲ᠋ᠧᠮ ᠲᠠᠢ ᠵᠠᠰᠠᠬᠤ᠂ ᠬᠠᠮᠵᠢᠯᠴᠠᠨ ᠵᠠᠰᠠᠬᠤ ᠶᠢ | ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ | ᠳᠡᠭᠡᠳᠦ ᠤᠷᠤᠰᠬᠠᠯ ᠤᠨ ᠤᠶᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠴᠢᠨ ᠪᠣᠯᠤᠨ ᠳᠤᠤᠷᠠᠳᠤ ᠤᠷᠤᠰᠬᠠᠯ ᠤᠨ | ᠬᠡᠷᠡᠭᠯᠡᠭᠴᠢᠳ ᠢ ᠬᠥᠲᠥᠯᠥᠨ ᠵᠢᠯᠣᠭᠤᠳᠬᠤ ᠵᠢᠷᠤᠮᠵᠢᠯ ᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠵᠠᠰᠠᠬᠤ ᠶᠢ ᠠᠬᠢᠭᠤᠯᠬᠤ | ᠬᠡᠷᠡᠭᠲᠡᠶ᠃ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠲᠤᠯ ᠥᠬᠡᠶ ᠬᠡᠯᠪᠡᠷᠢ ᠲᠡᠶᠢᠰᠢ ᠬᠤᠪᠢᠷᠠᠭᠤᠯᠬᠤ ᠶᠢ | ᠳᠡᠮᠵᠢᠬᠦ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠬᠤᠷᠢᠶᠠᠨ | ᠠᠪᠬᠤ᠂ ᠴᠡᠪᠡᠷᠯᠡᠨ ᠤᠬᠢᠶᠠᠬᠤ᠂ ᠲᠣᠬᠢᠷᠠᠭᠤᠯᠤᠨ ᠥᠭᠬᠦ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ | ᠪᠠᠭᠤᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠶᠴᠡᠳ ᠳᠠᠶᠢᠴᠢᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |