ᠰᠢᠠᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 12 ᠤᠨ ᠡᠲᠤᠷ ᠤᠨ ᠮᠡᠲᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ | ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠨᠠᠮ ᠤᠨ ᠰᠤᠷᠲᠠᠯ ᠪᠣᠯ ᠳᠠᠷᠤᠢ ᠨᠠᠮ ᠤᠨ ᠳᠦᠷᠢ ᠲᠥᠷᠬᠦ ᠮᠥᠨ᠂ ᠲᠡᠷᠡ ᠨᠢ ᠬᠥᠮᠥᠨ ᠤ ᠰᠡᠳᠬᠢᠯ ᠤᠨ | ᠬᠠᠨᠳᠤᠰᠢ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠶᠢ ᠲᠣᠭᠲᠠᠭᠠᠳᠠᠭ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠬᠦᠴᠢᠷ ᠰᠡᠳᠦᠪ ᠢ | ᠰᠢᠢᠳᠪᠦᠷᠢᠯᠡᠵᠦ᠂ ᠳᠡᠭᠡᠷ᠎ᠡ ᠠᠴᠠ ᠳᠣᠷᠣᠭᠰᠢ ᠲᠤᠭᠤᠰᠢᠯᠠᠭᠤᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ | ᠪᠠᠷᠢᠮᠲᠠᠯᠠᠵᠤ᠂ ᠰᠢᠨ᠎ᠡ ᠪᠠᠶᠢᠳᠠᠯ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ | ᠠᠰᠠᠭᠤᠳᠠᠯ ᠢ ᠰᠢᠢᠳᠪᠦᠷᠢᠯᠡᠪᠡ᠃ ᠨᠠᠢᠮᠠᠨ ᠲᠣᠭᠲᠠᠭᠠᠯ ᠢ ᠨᠢᠭᠡ ᠯᠡ ᠳᠣᠣᠷ᠎ᠠ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠪᠦᠭᠦ ᠲᠠᠯ᠎ᠠ ᠪᠠᠷ ᠠᠮᠢᠳᠤᠯᠢᠭᠵᠢᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ | ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ ᠰᠤᠷᠲᠠᠯ ᠤᠨ ᠪᠠᠶᠢᠭᠤᠯᠤᠯᠲᠠ ᠶᠢᠨ ᠰᠢᠨ᠎ᠡ | ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠣᠯᠪᠠ᠃ ᠰᠢ ᠶᠢᠨ ᠫᠢᠩ ᠨᠥᠬᠦᠷ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ | ᠨᠢ ᠠᠯᠤᠰ ᠭᠡᠳᠦ ᠶᠢᠨ ᠬᠠᠷᠠᠯᠲᠠ ᠲᠠᠢ᠂ ᠠᠭᠤᠯᠤᠭᠳᠠᠬᠤᠨ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠶᠢᠵᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠳᠥᠷᠪᠡᠨ ᠰᠤᠷᠲᠠᠯ︾ ᠢ ᠵᠠᠯᠠᠷᠠᠭᠤᠯᠵᠤ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ | ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ | ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ | ᠶᠤᠮ᠃ | ︽ᠥᠭᠦᠯᠡᠯᠲᠡ ᠶᠢᠨ ᠲᠡᠭᠦᠪᠦᠷᠢ︾ ᠨᠢ 9 ᠲᠤᠰᠬᠠᠢ ᠰᠡᠳᠦᠪ ᠬᠤᠪᠢᠶᠠᠵᠤ᠂ ᠨᠡᠶᠢᠳᠡ 299 ᠬᠡᠰᠡᠭ ᠥᠭᠦᠯᠡᠯᠲᠡ ᠲᠠᠢ | ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2025 ᠣᠨ ᠤ 2 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠵᠢᠭᠠᠪᠤᠷᠢ᠂ ᠣᠷᠣᠰᠢᠯ ᠵᠡᠷᠭᠡ 130 ᠭᠠᠷᠤᠢ ᠴᠢᠬᠤᠯᠠ ᠲᠤᠯᠭᠤᠷ | ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ | ᠪᠠᠶᠢᠨ᠎ᠠ᠃ |