ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠬᠢᠨ | ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠵᠥᠩ ᠱᠠᠨ | ᠬᠤᠲᠠ ᠶᠢᠨ ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ | ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠯᠦᠭᠡ ᠣᠶᠢᠷ᠎ᠠ ᠳᠤ ᠵᠥᠪᠯᠡᠯᠴᠡᠭᠡᠷ ᠲᠣᠬᠢᠷᠠᠯᠴᠠᠵᠤ᠂ | ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡᠨ ᠤ ᠬᠤᠯᠪᠣᠭᠠᠯᠠᠭᠰᠠᠨ | ᠲᠤᠷᠰᠢᠯᠲᠠ ᠶᠢᠨ ᠲᠠᠰᠤᠭ︾ ᠢ ᠬᠠᠮᠲᠤ ᠪᠠᠷ ᠪᠠᠶᠢᠭᠤᠯᠪᠠ᠃ ᠡᠷᠳᠡᠮ ᠰᠢᠨᠵᠢᠯᠡᠭᠡᠨ ᠤ ᠲᠦᠷᠦᠯ ᠵᠦᠢᠯ ᠤᠨ | ᠰᠢᠪᠲᠤᠯᠤᠯᠲᠠ ᠶᠢᠨ ᠲᠠᠯ᠎ᠠ ᠪᠠᠷ᠂ ᠬᠤᠶᠠᠷ ᠲᠠᠯ᠎ᠠ ᠪᠠᠷ ᠢᠶᠠᠨ ᠡᠮᠴᠢᠯᠡᠭᠡᠨ ᠳᠤ ᠬᠡᠷᠡᠭᠯᠡᠬᠦ᠂ ᠭᠡᠷᠡᠯ ᠭᠠᠷᠭᠠᠬᠤ ᠵᠡᠷᠭᠡ | ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠵᠢᠷᠤᠭ ᠲᠥᠯᠥᠪᠯᠡᠭᠡ ᠶᠢᠨ ᠰᠤᠳᠤᠯᠤᠨ ᠨᠡᠭᠡᠭᠡᠯᠲᠡ ᠪᠠ | ᠬᠡᠷᠡᠭᠯᠡᠯᠲᠡ ᠶᠢᠨ ᠬᠦᠷᠢᠶᠡᠨ ᠳᠤ ᠭᠤᠣᠯᠳᠠᠯᠭ᠎ᠠ ᠲᠠᠢ ᠲᠥᠪᠯᠡᠷᠡᠭᠦᠯᠵᠦ᠂ ᠤᠯᠤᠰ ᠤᠨ ᠳᠡᠰ᠂ ᠮᠤᠵᠢ ᠶᠠᠮᠤᠨ ᠤ ᠲᠡᠰ ᠤᠨ | ᠡᠷᠳᠡᠮ ᠰᠢᠨᠵᠢᠯᠡᠭᠡᠨ ᠤ ᠲᠦᠷᠦᠯ ᠵᠦᠢᠯ ᠢ ᠬᠤᠯᠪᠤᠭᠠᠯᠠᠨ ᠭᠤᠶᠤᠴᠢᠯᠠᠨ ᠮᠡᠳᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ | ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠲᠤᠷᠰᠢᠯᠲᠠ ᠶᠢᠨ ᠪᠡᠯᠡᠳᠬᠡᠮᠵᠢ᠂ ᠳ᠋ᠠᠶᠢᠲ᠋ᠠ ᠵᠢᠴᠢ ᠮᠡᠷᠭᠡᠵᠢᠯ ᠤᠨ | ᠡᠬᠢ ᠪᠠᠶᠠᠯᠢᠭ ᠢ ᠬᠠᠮᠲᠤ ᠪᠠᠷ ᠬᠦᠷᠲᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠡᠷᠳᠡᠮ ᠰᠢᠨᠵᠢᠯᠡᠭᠡᠨ ᠤ ᠰᠤᠳᠤᠯᠤᠨ | ᠶᠠᠷᠢᠯᠴᠠᠬᠤ ᠬᠤᠷᠠᠯ ᠡᠷᠬᠢᠯᠡᠵᠦ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ | ᠦᠢᠯᠡᠰᠵᠢᠭᠦᠯᠬᠦ ᠶᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠮᠠᠰᠲ᠋ᠧᠷ᠂ ᠳ᠋ᠣᠺᠲ᠋ᠣᠷᠠᠨᠲ ᠢ | ᠬᠤᠯᠪᠤᠭᠠᠯᠠᠨ ᠬᠥᠮᠥᠵᠢᠭᠦᠯᠵᠦ᠂ ︽ᠬᠤᠣᠰ ᠵᠢᠯᠣᠭᠤᠳᠤᠭᠴᠢ ᠪᠠᠭᠰᠢ ᠶᠢᠨ ᠳᠦᠷᠢᠮ︾ ᠢ ᠬᠡᠷᠡᠭᠵᠢᠭᠦᠯᠵᠦ᠂ | ᠰᠤᠷᠤᠭᠴᠢᠳ ᠢ ᠬᠤᠶᠠᠷ ᠲᠠᠯ᠎ᠠ ᠶᠢᠨ ᠡᠷᠳᠡᠮ ᠰᠢᠨᠵᠢᠯᠡᠭᠡᠨ ᠤ ᠲᠥᠷᠥᠯ ᠵᠦᠢᠯ ᠵᠢᠴᠢ ᠳᠠᠳᠤᠯᠭ᠎ᠠ ᠦᠢᠯᠡᠳᠦᠯᠭᠡ ᠳᠤ | ᠣᠷᠣᠯᠴᠠᠭᠤᠯᠬᠤ ᠪᠠᠷ ᠤᠷᠢᠳ ᠢᠶᠠᠷ ᠲᠠᠨᠢᠯᠴᠠᠭᠤᠯᠬᠤ ᠶᠢᠨ ᠬᠠᠮᠲᠤ ᠰᠢᠯᠢᠳᠡᠭ ᠰᠤᠷᠤᠭᠴᠢᠳ ᠢ ᠬᠠᠷᠢᠯᠴᠠᠨ ᠲᠣᠮᠢᠯᠠᠵᠤ | ᠳᠠᠳᠤᠯᠭ᠎ᠠ ᠦᠢᠯᠡᠳᠦᠯᠭᠡ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠯᠭᠡᠬᠦ ᠪᠤᠶᠤ ᠬᠤᠯᠪᠤᠭᠠᠯᠠᠨ ᠬᠥᠮᠥᠵᠢᠭᠦᠯᠬᠦ | ᠠᠵᠢᠯ ᠢ ᠥᠷᠨᠢᠭᠦᠯᠦᠨ᠎ᠡ᠃ ᠪᠠᠭᠰᠢ ᠨᠠᠷ ᠤᠨ ᠬᠠᠷᠢᠯᠴᠠᠨ ᠠᠶᠢᠯᠴᠢᠯᠠᠬᠤ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ | ᠬᠢᠬᠦ ᠲᠠᠯ᠎ᠠ ᠪᠠᠷ᠂ ᠵᠢᠯ ᠪᠦᠷᠢ 2 - 3 ᠪᠠᠭᠰᠢ ᠪᠤᠶᠤ ᠰᠤᠳᠤᠯᠤᠭᠴᠢ ᠶᠢ ᠬᠠᠷᠢᠯᠴᠠᠨ ᠲᠣᠮᠢᠯᠠᠵᠤ ᠰᠤᠷᠪᠤᠯᠵᠢᠯᠠᠨ᠂ | ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠵᠢᠴᠢ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠳᠤ | ᠣᠷᠣᠯᠴᠠᠭᠤᠯᠬᠤ ᠪᠠᠷ ᠲᠥᠯᠥᠪᠯᠡᠵᠦ᠂ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ᠂ ᠮᠡᠷᠭᠡᠵᠢᠯ ᠤᠨ | ᠪᠣᠯᠪᠠᠰᠤᠷᠠᠯ ᠵᠢᠴᠢ ᠠᠵᠤ ᠦᠢᠯᠡᠰ ᠤᠨ ᠶᠠᠷᠢᠶᠠᠨ ᠤ ᠲᠠᠪᠴᠠᠩ ᠢ ᠬᠤᠯᠪᠤᠭᠠᠯᠠᠨ ᠡᠷᠬᠢᠯᠡᠵᠦ᠂ ᠬᠤᠶᠠᠷ ᠲᠠᠯ᠎ᠠ ᠶᠢᠨ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡᠨ ᠤ ᠬᠦᠷᠢᠶᠡᠨ ᠳᠠᠬᠢ ᠡᠷᠳᠡᠮ | ᠰᠢᠨᠵᠢᠯᠡᠭᠡᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ︵ᠰᠤᠷᠭᠠᠨ ᠬᠥᠮᠦᠵᠢᠯ ᠤᠨ ᠲᠢᠩᠬᠢᠮ︶ | | |