3 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ 48 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ | ᠬᠤᠷᠠᠯᠳᠤᠭᠤᠯᠵᠤ᠂ 2025 ᠣᠨ ᠤ ᠵᠥᠪᠳᠡᠯᠴᠡᠨ ᠪᠠᠶᠢᠴᠠᠭᠠᠨ ᠰᠤᠳᠤᠯᠬᠤ᠂ ᠠᠵᠢᠯ ᠪᠠᠶᠢᠴᠠᠭᠠᠬᠤ ᠰᠢᠨᠵᠢᠯᠡᠨ | ᠪᠠᠶᠢᠴᠠᠭᠠᠬᠤ᠂ ᠡᠲᠡᠭᠡᠳ ᠢᠯᠭᠠᠯ ᠤᠨ ᠠᠵᠢᠯᠯᠠᠭ᠎ᠠ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ | ᠶᠠᠩ ᠵᠢᠶᠧ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ | ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠰ ᠰᠠᠯᠠᠭ᠎ᠠ ᠮᠥᠴᠢᠷ᠂ ᠲᠤᠰ ᠬᠦᠷᠢᠶᠡᠨ ᠤ | ᠠᠵᠢᠯ ᠳᠠᠭᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠭᠤᠣᠯᠳᠠᠯᠭ᠎ᠠ ᠲᠠᠢ | ᠡᠭᠦᠷᠭᠡ ᠶᠢ ᠪᠠᠲᠤ ᠡᠵᠡᠮᠳᠡᠵᠦ᠂ 2025 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠶᠢ | ᠰᠠᠶᠢᠲᠤᠷ ᠵᠣᠬᠢᠶᠠᠨ ᠪᠠᠶᠢᠭᠤᠯᠵᠤ᠂ ᠪᠠᠶᠢᠴᠠᠭᠠᠨ ᠰᠤᠳᠤᠯᠬᠤ᠂ ᠠᠵᠢᠯ ᠪᠠᠶᠢᠴᠠᠭᠠᠬᠤ ᠰᠢᠨᠵᠢᠯᠡᠨ ᠪᠠᠶᠢᠴᠠᠭᠠᠬᠤ᠂ ᠡᠲᠡᠭᠡᠳ | ᠢᠯᠭᠠᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠥᠮᠥᠨ ᠴᠥᠭᠡᠨ | ᠬᠥᠰᠬᠡ ᠬᠥᠩᠭᠡᠨ᠂ ᠠᠷᠪᠢᠯᠠᠨ ᠭᠠᠮᠨᠠᠬᠤ ᠶᠢ ᠡᠷᠬᠢᠮᠯᠡᠵᠦ᠂ ᠱᠠᠲᠤ ᠱᠠᠲᠤ ᠪᠠᠷ ᠪᠠᠷ᠎ᠠ ᠪᠤᠯᠬᠤ ᠶᠠᠪᠤᠳᠠᠯ ᠬᠢᠵᠦ ᠪᠣᠯᠬᠤ | ᠦᠭᠡᠢ᠃ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠳᠤ ᠴᠥᠮ ᠬᠠᠨᠳᠤᠯᠭᠠᠲᠤ ᠴᠢᠨᠠᠷ᠂ | ᠪᠣᠳᠠᠲᠤ ᠦᠷ᠎ᠡ ᠪᠦᠲᠦᠮᠵᠢᠲᠦ ᠴᠢᠨᠠᠷ ᠢ ᠳᠣᠪᠤᠶᠢᠯᠭᠠᠵᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ | ᠪᠣᠳᠠᠲᠠᠢ᠂ ᠪᠣᠳᠠᠲᠤ᠂ ᠬᠡᠷᠡᠭᠵᠢᠭᠦᠯᠵᠦ ᠪᠣᠯᠬᠤᠶᠢᠴᠠ ᠪᠠᠶᠢᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ |