ᠤᠯᠠᠭᠠᠨᠬᠠᠳᠠ ᠬᠤᠲᠠ ᠶᠢᠨ ᠬᠢᠨ ︽DeepSeek +︾ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠵᠦ ᠪᠣᠢ
ᠨᠡᠶᠢᠲᠡᠯᠡᠭᠰᠡᠨ ᠴᠠᠭ᠄
2025/3/15
     ︽DeepSeek + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠤ ᠲᠠᠯ᠎ᠠ ᠪᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1693 ᠵᠦᠢᠯᠡᠰ ᠢ DeepSeek ᠤᠨ ᠠᠷᠤ ᠲᠠᠪᠴᠠᠩ ᠤᠨ ᠳ᠋ᠠᠶᠢᠲ᠋ᠠ ᠶᠢᠨ ᠬᠥᠮᠥᠷᠭᠡ ᠳᠤ ᠵᠠᠯᠭᠠᠨ ᠣᠷᠣᠭᠤᠯᠵᠤ᠂ ᠬᠡᠷᠡᠭᠯᠡᠭᠴᠢᠳ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠵᠢᠵᠢᠭ ᠫᠷᠣᠭ᠍ᠷᠠᠮ ᠢᠶᠠᠷ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠤᠨ ᠵᠠᠮᠴᠢᠯᠠᠯ ᠵᠡᠷᠭᠡ ᠣᠶᠤᠨᠴᠢ ᠦᠢᠯᠡᠴᠢᠯᠡᠭᠡ ᠶᠢ ᠴᠠᠭ ᠲᠤᠬᠠᠢ ᠳᠤ ᠨᠢ ᠬᠦᠷᠲᠡᠵᠦ ᠪᠣᠯᠣᠨ᠎ᠠ᠃ ︽DeepSeek + ᠡᠮᠴᠢᠯᠡᠭᠡᠨ ᠤ ᠦᠢᠯᠡᠴᠢᠯᠡᠭᠡᠨ︾ ᠤ ᠲᠠᠯ᠎ᠠ ᠪᠠᠷ᠂ DeepSeek-R1 ᠠᠨᠠᠭᠠᠬᠤ ᠤᠬᠠᠭᠠᠨ ᠤ ᠲᠣᠮᠣ ᠵᠠᠭᠪᠤᠷ ᠢ ᠡᠮᠨᠡᠯᠭᠡ ᠶᠢᠨ ᠬᠤᠷᠢᠶᠠᠨ ᠤ HIS ᠰᠢᠰᠲ᠋ᠧᠮ  ᠯᠦᠭᠡ ᠭᠦᠨᠵᠡᠭᠡᠢ ᠵᠣᠯᠭᠠᠭᠤᠯᠬᠤ ᠶᠢ ᠠᠬᠢᠭᠤᠯᠵᠤ᠂ ᠡᠯᠧᠺᠲᠷᠣᠨ ᠡᠪᠡᠳᠴᠢᠨ ᠤ ᠲᠡᠦᠬᠡ᠂ ᠰᠡᠭᠦᠳᠡᠷ ᠳᠦᠷᠰᠦ ᠶᠢᠨ ᠮᠡᠳᠡᠭᠦᠯᠦᠯᠲᠡ᠂ ᠰᠢᠯᠭᠠᠨ ᠪᠠᠶᠢᠴᠠᠭᠠᠭᠰᠠᠨ ᠳ᠋ᠠᠶᠢᠲ᠋ᠠ ᠵᠡᠷᠭᠡ ᠣᠯᠠᠨ ᠬᠡᠮᠵᠢᠯᠲᠦ ᠮᠡᠳᠡᠭᠡ ᠵᠠᠩᠭᠢ ᠶᠢ ᠨᠡᠶᠢᠳᠬᠡᠬᠦ ᠪᠠᠷ ᠳᠠᠮᠵᠢᠭᠤᠯᠤᠨ᠂ ᠡᠪᠡᠳᠴᠢᠲᠡᠨ ᠤ ᠡᠷᠡᠭᠦᠯ ᠮᠡᠨᠳᠦ ᠶᠢᠨ ᠳᠦᠷᠰᠦ ᠵᠢᠷᠤᠭ ᠢ ᠪᠣᠢ ᠪᠣᠯᠭᠠᠵᠤ᠂ ᠨᠠᠷᠢᠨ ᠪᠤᠳᠤᠯᠢᠶᠠᠨᠲᠠᠢ ᠡᠪᠡᠳᠴᠢᠨ ᠤ ᠵᠢᠱᠢᠶ᠎ᠡ ᠳᠤ ᠨᠠᠷᠢᠯᠢᠭ ᠣᠨᠣᠴᠠᠲᠠᠢ ᠪᠠᠷ ᠣᠨᠣᠰᠢᠯᠠᠨ ᠡᠮᠨᠡᠬᠦ ᠲᠥᠰᠥᠯ ᠰᠠᠨᠠᠭᠤᠯᠭ᠎ᠠ ᠬᠠᠩᠭᠠᠨ᠎ᠠ᠃ ︽DeepSeek + ᠵᠠᠰᠠᠭ ᠤᠨ ᠶᠠᠪᠤᠳᠠᠯ ᠤᠨ ᠠᠯᠪᠠᠨ ᠠᠵᠢᠯ︾ ᠤᠨ ᠲᠠᠯ᠎ᠠ ᠪᠠᠷ᠂ ᠳ᠋ᠣᠺ ᠤᠨ ᠣᠶᠤᠨᠴᠢ ᠰᠢᠢᠳᠪᠦᠷᠢᠯᠡᠯᠲᠡ᠂ ᠳ᠋ᠠᠶᠢᠲ᠋ᠠ ᠶᠢᠨ ᠦᠵᠡᠭᠳᠡᠬᠦᠶᠢᠴᠡ ᠵᠠᠳᠠᠯᠤᠯᠲᠠ ᠵᠢᠴᠢ ᠡᠳᠦᠷ ᠲᠤᠲᠤᠮ ᠤᠨ ᠠᠯᠪᠠᠯᠠᠬᠤ ᠪᠠᠭᠠᠵᠢ ᠶᠢᠨ ᠨᠡᠭᠡᠭᠡᠨ ᠬᠥᠭᠵᠢᠭᠦᠯᠦᠯᠲᠡ ᠵᠡᠷᠭᠡ ᠥᠨᠳᠥᠷ ᠳᠠᠪᠲᠠᠮᠵᠢᠲᠤ ᠠᠵᠢᠯᠯᠠᠬᠤ ᠲᠠᠯᠠᠪᠤᠷ ᠤᠨ ᠲᠣᠭᠤᠷᠢᠨ ᠳᠤ᠂ DeepSeek ᠤᠨ ᠲᠣᠮᠣ ᠵᠠᠭᠪᠤᠷ ᠤᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠠᠯᠪᠠᠨ ᠠᠵᠢᠯ ᠤᠨ ᠰᠢᠰᠲ᠋ᠧᠮ ᠤᠨ ᠠᠵᠢᠯᠲᠠᠳ ᠤᠨ ᠵᠣᠬᠢᠶᠠᠮᠠᠯ ᠣᠶᠣᠨ ᠤ ᠮᠡᠷᠭᠡᠵᠢᠯ ᠢ ᠬᠡᠷᠡᠭᠯᠡᠬᠦ ᠪᠣᠳᠠᠲᠤ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ᠃      ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号