ᠪᠦᠭᠦ ᠤᠯᠤᠰ ᠤᠨ ᠬᠤᠶᠠᠷ ᠬᠤᠷᠠᠯ ᠰᠠᠶ᠋ᠢᠬᠠᠨ ᠥᠨᠳᠥᠷᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠮᠠᠷᠠᠲᠤ ᠬᠢᠯᠢ ᠶᠢᠨ ᠡᠬᠡ ᠭᠠᠵᠠᠷ ᠲᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠤᠬᠠᠮᠰᠠᠷᠲᠤ ᠴᠢᠨᠠᠷ ᠪᠠ ᠲᠤᠯᠭᠠᠮ | ᠰᠡᠳᠬᠢᠯᠭᠡ ᠶᠢ ᠢᠯᠡᠷᠡᠭᠦᠯᠪᠡ᠃ ᠣᠷᠣᠨ ᠳᠠᠶᠠᠭᠠᠷ ᠢᠶᠠᠨ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠡᠯ᠎ᠡ ᠵᠦᠢᠯ ᠤᠨ ᠠᠵᠢᠯ ᠤᠨ ᠳᠠᠭᠢᠨ | ᠰᠢᠨ᠎ᠡ ᠳᠡᠭᠲᠡᠷ ᠲᠤ ᠭᠠᠷᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠬᠠᠮᠢᠭ᠎ᠠ ᠠᠴᠠ ᠢᠷᠡᠭᠰᠡᠨ ᠢᠶᠠᠨ ᠮᠡᠳᠡᠪᠡᠯ ᠰᠠᠶ᠋ᠢ ᠬᠠᠮᠢᠭ᠎ᠠ ᠣᠴᠢᠬᠤ ᠪᠠᠨ ᠲᠣᠳᠣᠷᠬᠠᠢ ᠮᠡᠳᠡᠵᠤ ᠲᠠᠶᠢᠯᠤᠨ᠎ᠠ᠃ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠳᠣᠣᠷ᠎ᠠ ᠳᠡᠯᠡᠬᠡᠢ | ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ︽ᠥᠩᠭᠡ ᠦᠵᠡᠮᠵᠢ ᠠᠳᠡ ᠯᠡ ᠭᠤᠶᠣᠬᠠᠨ︾ | ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠡᠨᠡ ᠵᠢᠯ᠂ ᠥᠪᠥᠷ ᠮᠣᠩᠭᠤᠯ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠮᠥᠨ ᠠᠳᠠᠯᠢ ᠪᠠᠷ ᠠᠵᠤ ᠠᠬᠤᠢ ᠶᠢᠨ | ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠤᠯᠤᠰ ᠤᠨ ᠨᠡᠷᠡᠰ ᠤᠨ | ᠵᠢᠭᠰᠠᠭᠠᠯᠲᠠ ᠳᠤ 20 ᠳ᠋ᠤᠭᠠᠷ ᠲᠤ ᠣᠷᠣᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 5 ᠵᠢᠯ ᠤᠨ ᠲᠠᠷᠠᠭ᠎ᠠ ᠪᠦᠭᠦ | ᠤᠯᠤᠰ ᠤᠨ ᠳᠤᠮᠳᠠ ᠲᠦᠪᠰᠢᠨ ᠳᠤ ᠲᠠᠭᠢᠨ ᠣᠷᠣᠭᠰᠠᠨ ᠵᠡᠷᠭᠡ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ | ᠲᠤᠰᠢᠶᠠᠵᠠᠢ᠃ ︽ᠬᠤᠶᠠᠷ ᠢ ᠲᠣᠭᠲᠠᠭᠠᠭᠰᠠᠨ︾ ᠪᠣᠯ ᠠᠯᠢᠪᠠ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠤᠨ | ᠦᠨᠳᠦᠰᠦ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭᠤ ᠢᠯᠠᠯᠲᠠ ᠶᠢᠨ ᠡᠬᠢ ᠰᠤᠷᠪᠤᠯᠵᠢ᠂ | ᠠᠯᠢᠪᠠ ᠲᠣᠬᠲᠠᠭᠠᠯᠳᠤ ᠪᠤᠰᠤ ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠣᠬᠲᠠᠭᠠᠯᠲᠤ ᠴᠢᠨᠠᠷ᠂ ᠬᠠᠮᠤᠭ ᠤᠨ ᠶᠡᠭᠡ | ᠢᠳᠡ ᠬᠦᠴᠦ᠂ ᠬᠠᠮᠤᠭ ᠤᠨ ᠶᠡᠭᠡ ᠪᠠᠲᠤᠯᠠᠭ᠎ᠠ ᠪᠤᠯᠬᠤ ᠶᠢ ᠦᠢᠯᠡᠳᠦᠯᠭᠡ ᠭᠡᠷᠡᠴᠢᠯᠡᠪᠡ᠃ ᠰᠢᠨ᠎ᠡ ᠬᠠᠪᠤᠷ᠂ ᠰᠢᠨ᠎ᠡ | ᠲᠡᠮᠡᠴᠡᠯ᠂ ᠰᠢᠨ᠎ᠡ ᠥᠷᠨᠢᠯᠲᠡ᠂ ᠶᠡᠷᠦᠩᠬᠡᠢ ᠱᠦᠵᠢ ᠰᠢ ᠶᠢᠨ ᠫᠢᠩ ᠲᠤᠭ ᠢ ᠡᠷᠭᠦᠨ ᠴᠢᠭᠯᠡᠯ ᠢ ᠲᠣᠭᠲᠠᠭᠠᠵᠤ᠂ | ᠠᠶᠠᠯᠠᠯ ᠳᠤ ᠵᠠᠮᠴᠢᠯᠠᠵᠤ ᠵᠠᠯᠠᠭᠤᠷ ᠢ ᠠᠳᠬᠤᠵᠤ᠂ ᠡᠶᠢᠮᠦ ᠰᠠᠶᠢᠨ ᠬᠥᠭᠵᠢᠯᠲᠡ ᠶᠢᠨ ᠰᠠᠭᠤᠷᠢ ᠪᠠ ᠬᠥᠭᠵᠢᠯᠲᠡ ᠶᠢᠨ | ᠳᠠᠪᠠᠭᠤᠯᠢᠭ ᠲᠠᠢ ᠪᠠᠶᠢᠬᠤ ᠳᠤ᠂ ᠪᠢᠳᠡ ᠨᠡᠩ ᠴᠤ ᠲᠠᠭᠢᠨ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠢᠲᠡᠭᠡᠯ | ᠵᠣᠷᠢᠭ ᠢᠶᠠᠨ ᠦᠨᠡᠨ ᠬᠦ ᠴᠢᠩᠭᠠᠳᠬᠠᠵᠤ᠂ ᠬᠠᠷᠠᠯᠲᠠ ᠪᠠᠨ ᠪᠠᠲᠤ ᠡᠵᠡᠮᠳᠡᠨ᠂ ᠡᠷᠴᠢ ᠵᠣᠷᠢᠭ ᠢᠶᠠᠨ ᠬᠥᠪᠴᠢᠯᠡᠵᠦ᠂ ᠪᠦᠭᠦ | ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | | ᠠᠵᠠ ᠲᠣᠭᠢᠶᠠᠯ ᠤᠨ ᠡᠮᠦᠨ᠎ᠡ ᠪᠠᠭᠠᠲᠤᠷ ᠵᠣᠷᠢᠭᠲᠠᠨ ᠢᠯᠠᠵᠤ᠂ ᠠᠵᠠ ᠲᠣᠭᠢᠶᠠᠯ ᠢ ᠠᠮᠵᠢᠮᠠᠨᠵᠢᠨ ᠰᠠᠶ᠋ᠢ | ᠢᠯᠠᠯᠲᠠ ᠶᠢᠨ ᠡᠷᠴᠢᠨ ᠳᠤ ᠤᠷᠤᠭᠰᠢᠯᠠᠵᠤ᠂ ᠨᠡᠩ ᠥᠨᠳᠥᠷ ᠳᠡᠭᠲᠡᠷ ᠲᠤ ᠭᠠᠷᠴᠤ ᠴᠢᠳᠠᠨ᠎ᠠ᠃ ᠪᠦᠭᠦ ᠤᠯᠤᠰ ᠤᠨ | ᠬᠤᠶᠠᠷ ᠬᠤᠷᠠᠯ ᠠᠴᠠ ᠭᠠᠷᠭᠠᠭᠰᠠᠨ ᠠᠰᠢᠭᠲᠠᠢ ᠲᠦᠷᠦ ᠶᠢᠨ ᠪᠣᠳᠣᠯᠭ᠎ᠠ ᠠᠰᠢᠭᠲᠠᠢ ᠪᠠᠶᠢᠵᠤ᠂ ᠨᠢᠳᠦᠨ ᠡᠮᠦᠨᠡᠬᠢ | ︽ᠴᠠᠭ ᠤᠨ ᠬᠤᠷ᠎ᠠ︾ ᠨᠢ ᠣᠳᠣᠬᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠵᠦ ᠪᠠᠶᠢᠨ᠎ᠠ︔ ᠪᠠᠰᠠ ᠠᠯᠤᠰ ᠭᠡᠳᠦ ᠶᠢᠨ ︽ᠵᠦᠭᠯᠡᠭᠦᠷ︾ ᠨᠢ ᠢᠷᠡᠭᠡᠳᠦᠢ ᠶᠢᠨ ᠬᠥᠭᠵᠢᠯᠲᠡ ᠳᠤ ᠴᠢᠭᠯᠡᠯ ᠢ | ᠲᠣᠳᠣᠷᠬᠠᠢ ᠵᠢᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠮᠠᠰᠢ ᠠᠰᠢᠭᠲᠠᠢ ᠶᠤᠮ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠷᠤᠶᠢᠬᠠᠨ ᠬᠥᠳᠡᠯᠦᠯᠴᠡᠵᠦ᠂ ᠶᠡᠭᠡ ᠬᠤᠷᠠᠯ ᠠᠴᠠ ᠬᠢᠨᠠᠨ | ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠦᠭᠡ ᠥᠭᠦᠯᠡᠪᠦᠷᠢ ᠶᠢᠨ | ᠳᠣᠲᠣᠷᠠᠬᠢ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠰᠡᠳᠬᠢᠯ ᠲᠠᠯᠪᠢᠨ ᠰᠦᠪᠡᠭᠴᠢᠯᠡᠵᠦ᠂ ᠪᠣᠳᠠᠲᠤ ᠪᠠᠶᠢᠳᠠᠯ ᠳᠤᠨᠢ | ᠲᠣᠬᠢᠷᠠᠭᠤᠯᠬᠤ ᠭᠠᠷᠳᠠᠬᠤ ᠴᠡᠭ ᠢ ᠣᠨᠣᠴᠠᠲᠠᠢ ᠣᠯᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠤ ᠤᠶᠠᠯᠳᠤᠯ | ᠴᠡᠭ ᠢ ᠠᠭᠤᠳᠠᠯᠵᠤ᠂ ᠮᠥᠷᠳᠡᠨ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠰᠢᠭᠲᠠᠢ ᠲᠥᠷᠥ ᠶᠢᠨ ᠪᠣᠳᠣᠯᠭ᠎ᠠ ᠶᠢ ᠦᠨᠡᠨ | ᠬᠦ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠠᠰᠢᠭᠯᠠᠵᠤ ᠰᠠᠶᠢᠲᠤᠷ ᠬᠤᠪᠢᠷᠠᠭᠤᠯᠵᠤ᠂ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ | ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠳᠥᠲᠡ ᠵᠠᠮ ᠭᠡᠵᠦ ᠪᠠᠶᠢᠬᠤ ᠦᠭᠡᠢ᠂ ᠵᠥᠪᠭᠡᠨ ᠪᠣᠳᠠᠲᠠᠢ | ᠠᠵᠢᠯᠯᠠᠬᠤ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢ ᠥᠷᠭᠡᠳᠬᠡᠵᠦ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢ ᠲᠦᠷᠭᠡᠨ ᠬᠥᠭᠵᠢᠭᠦᠯᠵᠦ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠤᠬᠳᠤ | ᠰᠤᠯᠠᠷᠠᠭᠤᠯᠤᠯ ᠦᠭᠡᠢ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠡᠨᠧᠷᠭᠢ ᠶᠢᠨ | ᠬᠠᠩᠭᠠᠯᠭ᠎ᠠ ᠶᠢᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠡᠮᠡᠴᠡᠯ ᠢᠶᠠᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ | ᠠᠵᠢᠯᠯᠠᠬᠤ ᠪᠠᠷ ᠬᠠᠷᠢᠭᠤᠯᠲᠠ ᠥᠭᠴᠦ᠂ ᠬᠤᠷᠳᠤᠨ ᠮᠣᠷᠢᠨ ᠳᠤ ᠲᠠᠰᠢᠭᠤᠷ ᠲᠠᠯᠪᠢᠵᠤ᠂ ᠴᠠᠭ ᠮᠥᠴᠡ ᠲᠠᠢ | ᠤᠷᠤᠯᠳᠤᠨ᠂ ᠦᠷ᠎ᠡ ᠳ᠋ᠦᠩ ᠢᠶᠠᠷ ᠦᠭᠡ ᠬᠡᠯᠡᠵᠦ᠂ ᠪᠣᠳᠠᠲᠤ ᠦᠷ᠎ᠡ ᠪᠦᠲᠦᠮᠵᠢ ᠪᠠᠷ ᠬᠠᠷᠢᠭᠤᠯᠲᠠ ᠥᠭᠴᠦ᠂ ᠡᠯ᠎ᠡ | ᠵᠦᠢᠯ ᠤᠨ ᠠᠵᠢᠯ ᠢ ᠪᠣᠳᠠᠲᠠᠢ ᠠᠳᠬᠤᠨ᠂ ᠬᠢᠵᠦ ᠪᠦᠲᠦᠭᠡᠪᠡᠯ ᠥᠪᠥᠷ ᠮᠣᠩᠭᠤᠯ ᠰᠢᠨ᠎ᠡ ᠬᠥᠭᠵᠢᠯᠲᠡ᠂ ᠰᠢᠨ᠎ᠡ | ᠳᠠᠪᠠᠯᠲᠠ ᠶᠢ ᠪᠡᠶᠡᠯᠡᠭᠦᠯᠵᠦ ᠴᠢᠳᠠᠬᠤ ᠨᠢ ᠯᠠᠪᠲᠠᠢ᠃ | ᠬᠠᠪᠤᠷ ᠤᠨ ᠦᠵᠡᠮᠵᠢ ᠬᠢᠵᠠᠭᠠᠯᠠᠰᠢ ᠦᠭᠡᠢ ᠰᠠᠶᠢᠬᠠᠨ᠂ ᠲᠦᠮᠡᠨ ᠪᠣᠳᠠᠰ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ ᠤᠮᠠᠷᠠᠲᠤ ᠬᠢᠯᠢ ᠶᠢᠨ ᠡᠬᠡ ᠭᠠᠵᠠᠷ ᠳᠡᠭᠡᠷ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠨᠢᠭᠡᠳᠦᠭᠡᠷ ᠹᠷᠣᠨᠲ᠂ ᠭᠠᠵᠠᠷ ᠪᠣᠯᠭᠠᠨ ᠳᠤ ᠬᠦᠴᠦᠨ ᠢᠶᠠᠨ ᠬᠤᠷᠠᠮᠳᠤᠭᠤᠯᠵᠤ᠂ ᠬᠥᠪᠴᠢ ᠪᠠᠨ ᠴᠢᠩᠭᠠᠯᠠᠵᠤ᠂ | ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠢ ᠪᠠᠶᠢᠳᠠᠯ᠂ ᠥᠷᠯᠥᠭᠡ ᠦᠳᠡᠰᠢ ᠶᠢ ᠲᠡᠮᠡᠴᠡᠬᠦ ᠡᠷᠴᠢ | ᠵᠣᠷᠢᠭ ᠢ ᠢᠯᠡᠷᠡᠭᠦᠯᠦᠨ᠎ᠡ᠃ ᠰᠢᠨ᠎ᠡ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠠᠮᠢᠯᠠᠯ ᠪᠢᠯᠬᠠᠭᠰᠠᠨ ᠬᠠᠪᠤᠷ ᠢ | ᠤᠭᠲᠤᠨ ᠵᠣᠷᠢᠭᠲᠠᠢ ᠤᠷᠤᠭᠰᠢᠯᠠᠵᠤ᠂ ᠴᠠᠭ ᠮᠥᠴᠡ ᠲᠠᠢ ᠤᠷᠤᠯᠳᠤᠬᠤ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ | ᠪᠤᠳᠤᠯ ᠢᠶᠠᠷ᠂ ᠲᠥᠯᠦᠪᠵᠢᠭᠦᠯᠭᠡ ᠪᠠᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯᠯᠠᠭ᠎ᠠ ᠪᠠᠨ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠪᠦᠭᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠯᠬᠤᠮ | ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠠᠯᠬᠤᠬᠤ ᠬᠡᠷᠡᠭᠲᠡᠢ᠂ ᠤᠷᠢᠬᠠᠨ ᠬᠠᠪᠤᠷ ᠠᠴᠠ ᠡᠬᠢᠯᠡᠭᠰᠡᠨ ᠡᠨᠡ ᠬᠦ ᠠᠶᠠᠨ | ᠢᠳᠡᠷᠡᠭᠦᠨ ᠵᠢᠪᠬᠤᠭᠠᠯᠢᠭ ᠪᠤᠯᠬᠤ ᠨᠢ ᠯᠠᠪᠲᠠᠢ᠃ | |